ᠸᠠᠩ ᠯᠢ ᠰᠢᠶᠠ᠄ ︽ᠤᠷᠢᠳᠠᠪᠡᠷ ᠶᠠᠪᠤᠬᠤ ᠰᠢᠲᠠᠷ᠎ᠠ︾ ᠶᠢ ᠰᠠᠶᠢᠨ ᠲᠠᠯᠪᠢᠵᠤ  ᠰᠠᠨᠠᠭᠠᠴᠢᠯᠠᠭᠠᠲᠤ ᠪᠠᠶᠢᠯᠳᠤᠭᠠᠨ ᠢ ᠰᠠᠶᠢᠲᠤᠷ ᠬᠢᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ  ᠬᠢᠬᠦ ᠬᠡᠷᠡᠭᠲᠡᠢ
ᠨᠡᠶᠢᠲᠡᠯᠡᠭᠰᠡᠨ ᠴᠠᠭ᠄
2021/1/13
      ᠵᠢᠯ ᠴᠠᠭᠠᠨ ᠰᠠᠷ᠎ᠠ ᠤᠶᠢᠷᠠᠳᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠡᠷᠬᠡ ᠪᠤᠳᠤᠯᠢᠶᠠᠨᠲᠠᠶ ᠪᠣᠯᠪᠠ᠃ 1 ᠳ᠋ᠤᠭᠡᠷ ᠰᠠᠷ᠎ᠠ ᠶᠢᠨ 12 ᠤᠨ ᠡᠳᠦᠷ ᠮᠠᠨ ᠤ ᠬᠤᠲᠠ ᠶᠢᠨ ᠡᠯ᠎ᠡ ᠲᠠᠯᠠᠪᠤᠷ  ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠥᠷᠨᠢᠬᠦᠯᠵᠦ ᠪᠠᠶᠢᠭ᠎ᠠ ᠪᠠᠶᠢᠳᠠᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ︽ᠳᠥᠷᠪᠡᠨ ᠦᠭᠡᠢ ᠬᠤᠶᠠᠷ ᠰᠢᠭᠤᠳ︾ ᠠᠷᠭ᠎ᠠ ᠮᠠᠶ᠋ᠢᠭ ᠢᠶᠠᠷ ᠨᠢᠭᠤᠴᠠ ᠪᠠᠷ ᠰᠤᠷᠪᠤᠯᠵᠢᠯᠠᠪᠠ᠂ ᠲᠡᠷᠡ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ᠂ ᠤᠯᠤᠰ ᠲᠥᠷᠥ ᠶᠢᠨ ᠵᠣᠭᠰᠣᠯᠲᠠ ᠪᠣᠯᠤᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ︽ᠣᠷᠢᠳᠠᠪᠡᠷ ᠶᠠᠪᠤᠬᠤ ᠰᠢᠲᠠᠷ᠎ᠠ︾ ᠶᠢ ᠰᠠᠶᠢᠨ ᠲᠠᠯᠪᠢᠵᠤ᠂  ᠰᠠᠨᠠᠭᠠᠴᠢᠯᠠᠭᠠᠲᠤ ᠪᠠᠶᠢᠯᠳᠤᠭᠠᠨ ᠢ ᠰᠠᠶᠢᠳᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ ᠭᠡᠵᠡᠶ᠃      ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠲᠤ ᠸᠠᠩ ᠯᠢ ᠰᠢᠶᠠ ᠤᠷᠢᠳ ᠬᠤᠵᠢᠳ ᠬᠠᠯᠠᠮᠰᠢᠯ ᠤᠲᠠᠰᠤᠨ ᠤ ᠳᠤᠭᠤᠶᠢᠯᠠᠩ᠂ ᠮᠡᠳᠡᠭᠡ ᠵᠠᠩᠭᠢ ᠶᠢᠨ ᠳᠤᠭᠤᠶᠢᠯᠠᠩ ᠂ ᠲᠤᠷᠰᠢᠯᠲᠠ ᠶᠢᠨ ᠲᠠᠰᠤᠭ᠂ ᠪᠠᠴᠢᠮ ᠪᠠᠶᠢᠳᠠᠯ ᠢ ᠠᠷᠭᠠᠴᠠᠭᠠᠬᠤ  ᠨᠥᠭᠡᠴᠡ ᠬᠥᠮᠥᠷᠭᠡ ᠪᠠ ᠡᠮ ᠤᠨ ᠪᠠᠭᠠᠵᠢ ᠬᠡᠷᠡᠭᠰᠡᠯ ᠤᠨ ᠬᠥᠮᠥᠷᠭᠡ ᠵᠡᠷᠭᠡ ᠭᠠᠵᠠᠷ ᠤᠳ ᠢᠶᠠᠷ ᠣᠷᠣᠵᠤ᠂ ᠠᠵᠢᠯᠲᠠᠳ ᠲᠠᠢ ᠲᠤᠲᠤᠨᠤᠰᠤᠭ ᠢᠶᠠᠷ  ᠪᠣᠳᠤᠯᠭ᠎ᠠ‌‍ᠰᠠᠨᠠᠯ ᠢᠶᠠᠨ ᠰᠣᠯᠢᠯᠴᠠᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ ᠬᠥᠮᠦᠰ ᠤᠨ ᠪᠥᠭᠡᠮ ᠬᠦᠴᠢᠯ ᠤᠨ  ᠪᠠᠶᠢᠴᠠᠭᠠᠯᠲᠠ ᠶᠢᠨ ᠪᠠᠶᠢᠳᠠᠯ ᠤᠨ ᠪᠦᠷᠢᠳᠬᠡᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠪᠡ᠃ ᠸᠠᠩ ᠯᠢ ᠰᠢᠶᠠ ᠱᠠᠭᠠᠷᠳᠠᠭᠰᠠᠨ ᠨᠢ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠤᠨ ᠬᠢᠨ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠡᠭᠦᠳᠡᠨ ᠠᠴᠠ ᠪᠣᠳᠤᠯᠬᠢᠯᠠᠵᠤ᠂  ᠭᠦᠢᠴᠡᠳ ᠪᠡᠯᠡᠳᠭᠡᠯ ᠬᠢᠵᠦ᠂ ᠪᠠᠶᠢᠴᠠᠭᠠᠨ ᠰᠢᠯᠭᠠᠭᠰᠠᠨ ᠪᠠᠶᠢᠳᠠᠯ ᠢ ᠰᠢᠭᠤᠳ ᠮᠡᠳᠡᠭᠦᠯᠬᠦ ᠵᠠᠮ ᠭᠠᠷᠭᠠᠵᠤ᠂  ᠪᠠᠶᠢᠴᠠᠭᠠᠨ ᠰᠢᠯᠭᠠᠬᠤ ᠲᠣᠭᠲᠠᠴᠠ ᠶᠢ  ᠪᠦᠷᠢᠯᠳᠦᠬᠦᠯᠵᠦ᠂ ᠲᠡᠷᠡ ᠲᠠᠷᠤᠢ ᠳᠤᠨᠢ ᠪᠥᠬᠦ ᠬᠤᠲᠠ ᠶᠢᠨ ᠡᠯ᠎ᠡ ᠲᠥᠷᠥᠯ ᠤᠨ ᠬᠥᠮᠦᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠭᠰᠠᠨ ᠪᠠᠶᠢᠳᠠᠯ ᠢ ᠬᠤᠷᠢᠶᠠᠩᠭᠤᠶᠢᠯᠠᠨ ᠵᠠᠳᠠᠯᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠳ᠋ ᠪᠣᠳᠠᠰ ᠤᠨ ᠪᠠᠴᠢᠮ ᠪᠠᠶᠢᠳᠠᠯ ᠢ  ᠠᠷᠭᠠᠴᠠᠭᠠᠬᠤ ᠨᠥᠭᠡᠴᠡ ᠶᠢ ᠣᠯᠠᠨ ᠲᠠᠯ᠎ᠠ ᠠᠴᠠ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ ᠭᠡᠵᠡᠢ᠃      ᠢᠦᠶ ᠴᠢᠤᠸᠠᠨ ᠲᠣᠭᠤᠷᠢᠭ ᠤᠨ ᠬᠢᠯᠢ ᠶᠢᠨ ᠭᠠᠳᠠᠨᠠᠬᠢ ᠬᠥᠮᠦᠰ ᠢ ᠲᠤᠰᠠᠭᠠᠷᠯᠠᠬᠤ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠪᠠᠶᠢᠴᠠᠭᠠᠬᠤ ᠦᠶ᠎ᠡ ᠳᠤ ᠸᠠᠩ ᠯᠢ ᠰᠢᠶᠠ ᠴᠢᠬᠤᠯᠠᠴᠢᠯᠠᠬᠤ ᠳᠠᠭᠠᠨ᠂ ᠠᠨᠠᠭᠠᠬᠤ ᠤᠬᠠᠭᠠᠨ ᠤ ᠲᠤᠰᠠᠭᠠᠷᠯᠠᠨ ᠠᠵᠢᠭᠯᠠᠬᠤ ᠴᠡᠭ ᠭᠠᠷᠭᠠᠬᠤ ᠪᠣᠯ ᠬᠢᠵᠢᠭ ᠤᠨ ᠪᠠᠶᠢᠳᠠᠯ ᠤᠨ ᠲᠠᠷᠬᠠᠯᠲᠠ ᠶᠢ ᠬᠤᠷᠢᠭᠯᠠᠬᠤ ᠴᠢᠬᠤᠯᠠ ᠠᠷᠭ᠎ᠠ ᠪᠠᠷᠢᠯ ᠤᠨ ᠨᠢᠭᠡ ᠮᠥᠨ᠂ ᠨᠠᠩ ᠴᠤ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠠᠮᠤᠷ ᠲᠦᠪᠰᠢᠨ ᠳᠤ ᠬᠠᠷᠢᠭᠤᠴᠠᠬᠤ ᠦᠢᠯᠡ ᠠᠵᠢᠯᠯᠠᠭ᠎ᠠ ᠮᠥᠨ᠃ ᠡᠯ᠎ᠡ  ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ︽ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠲᠤᠰᠠᠭᠠᠷᠯᠠᠵᠤ  ᠂ ᠡᠷᠲᠡ ᠣᠨᠣᠰᠢᠯᠠᠵᠤ᠂ ᠡᠷᠲᠡ ᠡᠮᠨᠡᠨ ᠵᠠᠰᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠠᠴᠠ ᠴᠢᠩᠭ᠎ᠠ᠂ ᠨᠠᠷᠢᠨ ᠠᠴᠠ ᠨᠠᠷᠢᠨ ᠴᠢᠩᠭᠠᠳᠬᠠᠬᠤ ᠬᠡᠷᠡᠭᠲᠡᠶ᠃ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠦᠨᠡᠨ ᠬᠦ ᠲᠡᠭᠦᠯᠳᠡᠷᠵᠢᠭᠦᠯᠵᠦ᠂ ᠲᠥᠪᠯᠡᠷᠡᠭᠦᠯᠦᠨ ᠲᠤᠰᠠᠭᠠᠷᠯᠠᠬᠤ ᠬᠥᠮᠦᠰ ᠤᠨ ᠲᠤᠰᠠᠭᠠᠷᠯᠠᠬᠤ ᠬᠤᠭᠤᠴᠠᠭ᠎ᠠ ᠪᠠᠨ ᠠᠮᠤᠷ ᠲᠦᠪᠰᠢᠨ ᠲᠣᠭᠲᠠᠭᠤᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠰᠢᠨ᠎ᠡ ᠨᠢᠭᠡᠨ ᠡᠭᠡᠯᠵᠢ ᠶᠢᠨ ᠶᠡᠭᠡ ᠰᠢᠯᠭᠠᠯᠲᠠ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠬᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠥᠬᠡᠬᠤᠲᠠ ᠳᠤ ᠢᠷᠡᠬᠦ ᠬᠦᠬᠡᠬᠤᠲᠠ ᠳᠤ ᠪᠤᠴᠠᠬᠤ ᠬᠦᠮᠦᠨ᠂  ᠡᠳ᠋ ᠪᠣᠳᠠᠰ ᠢ ᠵᠢᠭᠰᠠᠭᠠᠨ ᠪᠠᠶᠢᠴᠠᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠯᠠᠩᠭᠤᠶ᠎ᠠ  ᠬᠦᠢᠳᠡᠨ ᠬᠡᠯᠬᠢᠶᠡᠨ ᠤ ᠪᠤᠳᠠᠰ ᠤᠨ ᠬᠦᠢᠯᠭᠡᠭᠡ᠂ ᠲᠦᠷᠭᠡᠨ ᠬᠦᠷᠭᠡᠯᠲᠡ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠢ ᠬᠢᠨᠠᠵᠤ ᠬᠠᠮᠢᠶᠠᠷᠬᠤ ᠪᠠᠨ ᠴᠢᠩᠭᠠᠳᠬᠠᠵᠤ᠂ ᠬᠠᠯᠳᠠᠪᠤᠷᠢᠯᠠᠯ ᠤᠨ ᠡᠬᠢ ᠰᠤᠷᠪᠤᠯᠵᠢ ᠶᠢ ᠴᠢᠩᠭ᠎ᠠ ᠡᠵᠡᠮᠳᠡᠵᠦ᠂ ᠬᠠᠯᠳᠠᠪᠤᠷᠢᠯᠠᠬᠤ ᠠᠷᠭ᠎ᠠ ᠵᠠᠮ ᠢ ᠲᠠᠰᠤᠯᠬᠤ ᠬᠡᠷᠡᠭᠲᠡᠶ  ᠃ ᠠᠮᠠᠪᠴᠢ  ᠵᠡᠭᠦᠬᠦ᠂  ᠺᠣᠳ᠋ ᠰᠢᠷᠪᠢᠬᠦ ᠳᠡᠩᠰᠡᠯᠡᠯᠲᠡ᠂ ᠣᠷᠴᠢᠨ ᠲᠣᠭᠤᠷᠢᠨ ᠢ ᠠᠷᠢᠭᠤᠳᠬᠠᠬᠤ᠂ ᠬᠥᠮᠦᠰ ᠤᠨ ᠪᠡᠶ᠎ᠡ ᠶᠢᠨ ᠲᠤᠯᠠᠭᠠᠨ ᠢ ᠬᠡᠮᠵᠢᠬᠦ ᠵᠡᠷᠭᠡ ᠡᠳᠦᠷ ᠲᠤᠲᠤᠮ ᠤᠨ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠪᠥᠬᠦ ᠲᠠᠯ᠎ᠠ ᠪᠠᠷ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ  ᠶᠤᠰᠤᠭᠠᠷ ᠢᠶᠠᠷ ᠨᠢ  ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠲᠡᠶ᠃ ᠦᠢᠯᠡᠳᠪᠦᠷᠢᠯᠡᠯ ᠡᠵᠡᠩᠨᠡᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠰᠠᠶᠢᠲᠤᠷ  ᠬᠠᠷᠠᠭᠠᠯᠵᠠᠵᠤ᠂ ᠬᠤᠶᠠᠷ ᠲᠠᠯ᠎ᠠ ᠶᠢ ᠠᠳᠬᠤᠵᠤ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ  ᠭᠡᠵᠡᠢ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠦ᠋ ᠸᠧᠨ ᠮᠢᠩ ᠤᠷᠤᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号