ᠮᠦᠰᠦᠨ ᠳᠤ ᠲᠡᠰᠢᠨ ᠴᠠᠰᠤ ᠪᠠᠷ ᠨᠠᠭᠠᠳᠴᠤ ᠬᠥᠬᠡ ᠬᠤᠲᠠ ᠵᠢᠷᠭᠠᠯ ᠢᠶᠠᠷ ᠳᠦᠭᠦᠷᠡᠩ
ᠨᠡᠶᠢᠲᠡᠯᠡᠭᠰᠡᠨ ᠴᠠᠭ᠄
2021/1/13
     ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ  ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠲᠠᠭᠠᠭᠠᠴᠢᠯᠠᠨ ᠡᠷᠭᠢᠯᠡᠭᠰᠡᠨ ︽ᠮᠦᠰᠦᠨ ᠳᠤ ᠲᠡᠰᠢᠨ ᠴᠠᠰᠤ  ᠪᠠᠷ ᠨᠠᠭᠠᠳᠴᠤ ᠬᠥᠬᠡ ᠬᠤᠲᠠ ᠵᠢᠷᠭᠠᠯ ᠢᠶᠠᠷ ᠳᠦᠭᠦᠷᠡᠩ︾ 2020 ᠣᠨ ᠤ ᠬᠥᠬᠡᠬᠤᠲᠠ ᠶᠢᠨ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠤ ᠤᠯᠠᠷᠢᠯ 2020 ᠣᠨ ᠤ 12  ᠳ᠋ᠤᠭᠠᠷ ᠰᠠᠷ᠎ᠠ ᠶᠢᠨ 19 ᠤ ᠡᠳᠦᠷ ᠠᠴᠠ ᠵᠢᠩᠬᠢᠨᠢ ᠪᠠᠷ ᠡᠬᠢᠯᠡᠭᠰᠡᠨ ᠠᠴᠠ ᠨᠠᠰᠢ᠂ ᠬᠥᠳᠡᠯᠭᠡᠭᠡᠨ ᠤ ᠭᠦᠨᠵᠡᠭᠡᠶ ᠥᠷᠨᠢᠬᠦ ᠶᠢ ᠳᠠᠭᠠᠯᠳᠤᠨ ᠥᠷᠭᠡᠨ ᠣᠯᠠᠨ ᠬᠤᠲᠠ ᠶᠢᠨ ᠠᠷᠠᠳ ᠤᠨ ᠲᠤᠷ᠎ᠠ  ᠪᠠᠬ᠎ᠠ ᠶᠢ ᠲᠠᠲᠠᠨ᠂ ᠰᠠᠶᠢᠨ ᠦᠨᠡᠯᠡᠯᠲᠡ ᠶᠢ ᠣᠯᠵᠤ᠂  ᠤᠷᠤᠯᠴᠠᠬᠤ ᠬᠥᠮᠦᠨ ᠤ ᠲᠤᠭ᠎ᠠ ᠲᠠᠰᠤᠷᠠᠯᠲᠠ ᠥᠬᠡᠶ ᠨᠡᠮᠡᠭᠳᠡᠵᠦ᠂ ᠪᠥᠬᠦ ᠬᠤᠲᠠ ᠳᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠠᠯᠠᠭᠤᠨ ᠥᠷᠨᠢᠯᠲᠡ ᠭᠠᠷᠪᠠ᠃      ᠰᠤᠷᠪᠤᠯᠵᠢᠯᠠᠭᠴᠢ ᠥᠴᠥᠭᠡᠳᠦᠷ ᠮᠠᠨ ᠤ ᠬᠤᠲᠠ ᠶᠢᠨ ᠡᠯ᠎ᠡ ᠮᠥᠰᠥ ᠴᠠᠰᠤᠨ ᠤ ᠲᠠᠯᠠᠪᠤᠷ ᠳᠤ ᠬᠤᠲᠠ ᠶᠢᠨ ᠠᠷᠠᠳ ᠤᠨ ᠪᠠᠶᠠᠷ ᠬᠥᠷ ᠲᠠᠢ ᠪᠠᠷ ᠮᠥᠰᠥ ᠳᠤ  ᠲᠡᠰᠢᠵᠦ ᠴᠠᠰᠤᠨ ᠳᠤ ᠭᠤᠯᠭᠤᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠪᠠᠶᠠᠷ  ᠪᠠᠭ᠋ᠠᠳᠤᠯ ᠢ ᠡᠳ᠋ᠯᠡᠵᠦ ᠪᠠᠶᠢᠬᠤ ᠶᠢ ᠣᠯᠵᠤ ᠬᠠᠷᠠᠯ᠎ᠠ᠃ ᠵᠢᠷᠤᠭ ᠪᠣᠯ ᠬᠤᠲᠠ ᠶᠢᠨ ᠠᠷᠠᠳ ᠳ᠋ᠦᠩ ᠾᠧ ᠶᠢᠨ ᠮᠥᠰᠥᠨ ᠲᠠᠯᠠᠪᠤᠷ ᠲᠤ ᠨᠠᠭᠠᠳᠴᠤ ᠪᠠᠶᠢᠭ᠎ᠠ ᠨᠢ  ᠃   ᠰᠤᠷᠪᠤᠯᠵᠢᠯᠠᠭᠴᠢ ᠮᠢᠶᠣᠣ ᠰᠢᠨ ᠰᠡᠭᠦᠳᠡᠷᠯᠡᠪᠡ  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号