︽ᠠᠮᠢ ᠠᠬᠤᠶ ᠶᠢᠨ ᠲᠥᠪ ᠬᠤᠲᠠ᠂ ᠳᠥᠷᠪᠡᠨ ᠤᠯᠠᠷᠢᠯ ᠤᠨ ᠡᠮᠦᠨ᠎ᠡ ᠨᠠᠭᠤᠷ︾  ᠭᠤᠤᠯ ᠰᠡᠳᠦᠪᠲᠦ ᠬᠡᠷᠡᠯ ᠵᠢᠷᠤᠭ ᠤᠨ ᠤᠷᠠᠯᠢᠭ ᠤᠨ ᠦᠵᠡᠭᠦᠯᠭᠡ ᠡᠬᠢᠯᠡᠪᠡ
ᠨᠡᠶᠢᠲᠡᠯᠡᠭᠰᠡᠨ ᠴᠠᠭ᠄
2021/1/13
     ᠲᠦᠷᠦᠭᠦᠬᠡᠨ᠂ ᠬᠤᠲᠠ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ  ᠂ ᠬᠤᠲᠠ ᠶᠢᠨ ᠬᠡᠷᠡᠯ ᠵᠢᠷᠤᠭᠴᠢᠳ ᠤᠨ ᠨᠡᠶᠢᠭᠡᠮᠯᠢᠭ ᠠᠴᠠ ᠬᠠᠮᠲᠤᠷᠠᠨ ᠭᠤᠤᠯᠯᠠᠨ  ᠡᠷᠬᠢᠯᠡᠵᠦ᠂  ᠬᠤᠲᠠ ᠶᠢᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠭᠠᠵᠠᠷ ᠠᠴᠠ ᠲᠠᠭᠠᠭᠠᠴᠢᠯᠠᠨ ᠡᠷᠭᠢᠯᠡᠭᠰᠡᠨ ︽ᠠᠮᠢ ᠠᠬᠤᠶ ᠶᠢᠨ ᠲᠥᠪ ᠬᠤᠲᠠ᠂ ᠳᠥᠷᠪᠡᠨ ᠤᠯᠠᠷᠢᠯ ᠤᠨ ᠡᠮᠦᠨ᠎ᠡ ᠨᠠᠭᠤᠷ︾ ᠭᠤᠤᠯ ᠰᠡᠳᠦᠪᠲᠦ ᠬᠡᠷᠡᠯ ᠵᠢᠷᠤᠭ ᠤᠨ ᠤᠷᠠᠯᠢᠭ ᠤᠨ ᠦᠵᠡᠭᠦᠯᠭᠡ ᠬᠥᠬᠡᠬᠤᠲᠠ ᠶᠢᠨ ᠦᠨᠳᠦᠰᠦᠲᠡᠨ ᠤ ᠤᠷᠠᠨ ᠵᠢᠷᠤᠭ ᠤᠨ ᠣᠷᠳᠣᠨ ᠳᠤ   ᠶᠠᠪᠤᠭᠳᠠᠵᠤ᠂ ᠬᠡᠷᠡᠯ ᠵᠢᠷᠤᠭ ᠤᠨ ᠪᠦᠲᠦᠭᠡᠯ ᠢᠶᠠᠷ ᠳᠠᠮᠵᠢᠭᠤᠯᠤᠨ ᠨᠤᠭᠤ ᠭᠠᠵᠠᠷ ᠤᠨ ᠴᠡᠴᠡᠷᠯᠢᠭ ᠤᠨ ︽ᠠᠮᠢ ᠠᠬᠤᠶ ᠳᠤ  ᠰᠠᠭᠤᠷᠢᠯᠠᠵᠤ᠂  ᠬᠦᠳᠡᠭᠡ ᠪᠠᠶᠢᠭᠠᠯᠢ ᠶᠢᠨ ᠵᠤᠭ᠎ᠠ ᠴᠡᠩᠬᠡᠯ ᠢ ᠪᠠᠳᠤᠯᠠᠬᠤ᠂  ᠨᠠᠷᠢᠯᠢᠭᠵᠢᠭᠤᠯᠤᠨ ᠬᠠᠮᠢᠶᠠᠷᠬᠤ᠂ ᠨᠡᠶᠢᠭᠡᠮ ᠳᠤ  ᠦᠢᠯᠡᠴᠢᠯᠡᠬᠦ︾ ᠳᠦᠷᠢ ᠲᠥᠷᠬᠦ ᠶᠢ ᠳᠡᠯᠭᠡᠨ ᠦᠵᠡᠭᠦᠯᠬᠦ ᠶᠢ ᠵᠣᠷᠢᠵᠠᠢ᠃      ᠣᠷᠴᠢᠮ ᠤᠨ ᠵᠢᠯ ᠤᠳ ᠲᠤ  ᠂ ᠮᠠᠨ ᠤ ᠬᠤᠲᠠ ᠶᠢᠨ ᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠨᠢ ᠠᠮᠢ ᠠᠬᠤᠶ ᠶᠢᠨ ᠡᠯᠧᠮᠧᠨ᠋ᠲ ᠢ ᠬᠤᠲᠠ ᠳᠤ ᠣᠷᠣᠭᠤᠯᠤᠨ ᠬᠤᠲᠠ ᠶᠢ ᠪᠠᠶᠢᠭᠠᠯᠢ ᠳᠤ ᠠᠭᠤᠰᠬᠠᠵᠤ᠂ ᠨᠢᠭᠡ ᠪᠦᠯᠦᠭ ᠰᠣᠳᠣᠨ ᠪᠦᠲᠦᠭᠡᠯ ᠤᠨ ᠢᠨᠵᠧᠨᠧᠷᠢᠩ ᠂ ᠭᠢᠯᠠᠰ ᠴᠡᠭ  ᠢᠨᠵᠧᠨᠧᠷᠢᠩ ᠢ  ᠴᠤᠭᠴᠠᠯᠠᠨ᠂  ᠬᠥᠮᠦᠨ  ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ ᠵᠣᠷᠢᠯᠭ᠎ᠠ ᠶᠢ ᠪᠡᠶᠡᠯᠡᠭᠦᠯᠪᠡ  ᠃  ᠨᠤᠭᠤ ᠭᠠᠵᠠᠷ ᠤᠨ ᠴᠡᠴᠡᠷᠯᠢᠭ ᠨᠢ ᠶᠠᠭ ᠮᠠᠨ ᠤ ᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠮᠠᠰᠢ ᠣᠯᠠᠨ ᠠᠮᠵᠢᠯᠲᠠ ᠪᠦᠲᠦᠮᠵᠢ ᠶᠢᠨ ᠳᠣᠲᠣᠷᠠᠬᠢ ᠨᠢᠭᠡᠨ ᠬᠤᠷᠢᠶᠠᠩᠭᠤᠢ ᠳᠥᠷᠢ ᠪᠣᠯᠤᠨ᠎ᠠ᠃ ᠡᠨᠡ ᠤᠳᠠᠭᠠᠨ ᠤ ᠦᠵᠡᠭᠦᠯᠭᠡ ᠶᠢᠨ ᠪᠦᠲᠦᠭᠡᠯ ᠪᠣᠯ ᠮᠠᠨ ᠤ ᠬᠤᠲᠠ ᠶᠢᠨ ᠭᠡᠷᠡᠯ ᠵᠢᠷᠤᠭᠴᠢᠳ ᠤᠨ ᠨᠡᠶᠢᠭᠡᠮᠯᠢᠭ ᠤᠨ  ᠭᠡᠰᠢᠭᠦᠳ ᠨᠢᠭᠡ ᠵᠢᠯ ᠤᠨ ᠴᠠᠭ ᠢ ᠬᠡᠷᠡᠭᠯᠡᠵᠦ᠂  ᠳᠥᠷᠪᠡᠨ ᠤᠯᠠᠷᠢᠯ ᠢᠶᠠᠷ  ᠰᠡᠭᠦᠳᠡᠷᠯᠡᠭᠰᠡᠨ  ᠪᠦᠳᠦᠭᠡᠯ ᠤᠳ ᠪᠤᠯᠤᠨ᠎ᠠ᠃ ᠲᠣᠰ ᠤᠳᠠᠭᠠᠨ ᠤ ᠭᠡᠷᠡᠯ ᠵᠢᠷᠤᠭ ᠤᠨ ᠤᠷᠠᠯᠢᠭ ᠤᠨ ᠦᠵᠡᠭᠦᠯᠭᠡ 1 ᠳ᠋ᠤᠭᠡᠷ ᠰᠠᠷ᠎ᠠ ᠶᠢᠨ 17 ᠤ ᠡᠳᠦᠷ  ᠦᠨᠳᠦᠷᠯᠡᠨ᠎ᠡ᠃  ᠵᠢᠷᠤᠭ ᠪᠣᠯ ᠭᠡᠷᠡᠯ ᠵᠢᠷᠤᠭ ᠲᠠᠲᠠᠬᠤ ᠳᠤᠷᠠᠲᠠᠶ ᠬᠥᠮᠦᠰ ᠭᠡᠷᠡᠯ ᠵᠢᠷᠤᠭ ᠤᠨ ᠪᠦᠲᠦᠭᠡᠯ ᠢ ᠲᠣᠭᠤᠷᠢᠨ ᠦᠵᠡᠵᠦ ᠪᠠᠶᠢᠭ᠎ᠠ ᠨᠢ᠃             ᠰᠤᠷᠪᠤᠯᠵᠢᠯᠠᠭᠴᠢ ᠰᠦᠩ ᠰᠢᠶᠠᠩ ᠬᠤᠸᠠ ᠰᠡᠭᠦᠳᠡᠷᠯᠡᠪᠡ  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号