| | | ᠲᠦᠷᠦᠭᠦᠬᠡᠨ᠂ ᠬᠤᠲᠠ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠂ ᠬᠤᠲᠠ ᠶᠢᠨ ᠬᠡᠷᠡᠯ ᠵᠢᠷᠤᠭᠴᠢᠳ ᠤᠨ | ᠨᠡᠶᠢᠭᠡᠮᠯᠢᠭ ᠠᠴᠠ ᠬᠠᠮᠲᠤᠷᠠᠨ ᠭᠤᠤᠯᠯᠠᠨ ᠡᠷᠬᠢᠯᠡᠵᠦ᠂ ᠬᠤᠲᠠ ᠶᠢᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠭᠠᠵᠠᠷ ᠠᠴᠠ ᠲᠠᠭᠠᠭᠠᠴᠢᠯᠠᠨ | ᠡᠷᠭᠢᠯᠡᠭᠰᠡᠨ ︽ᠠᠮᠢ ᠠᠬᠤᠶ ᠶᠢᠨ ᠲᠥᠪ ᠬᠤᠲᠠ᠂ ᠳᠥᠷᠪᠡᠨ ᠤᠯᠠᠷᠢᠯ ᠤᠨ ᠡᠮᠦᠨ᠎ᠡ ᠨᠠᠭᠤᠷ︾ ᠭᠤᠤᠯ ᠰᠡᠳᠦᠪᠲᠦ ᠬᠡᠷᠡᠯ ᠵᠢᠷᠤᠭ ᠤᠨ ᠤᠷᠠᠯᠢᠭ ᠤᠨ | ᠦᠵᠡᠭᠦᠯᠭᠡ ᠬᠥᠬᠡᠬᠤᠲᠠ ᠶᠢᠨ ᠦᠨᠳᠦᠰᠦᠲᠡᠨ ᠤ ᠤᠷᠠᠨ ᠵᠢᠷᠤᠭ ᠤᠨ ᠣᠷᠳᠣᠨ ᠳᠤ ᠶᠠᠪᠤᠭᠳᠠᠵᠤ᠂ ᠬᠡᠷᠡᠯ ᠵᠢᠷᠤᠭ ᠤᠨ ᠪᠦᠲᠦᠭᠡᠯ ᠢᠶᠠᠷ ᠳᠠᠮᠵᠢᠭᠤᠯᠤᠨ ᠨᠤᠭᠤ | ᠭᠠᠵᠠᠷ ᠤᠨ ᠴᠡᠴᠡᠷᠯᠢᠭ ᠤᠨ ︽ᠠᠮᠢ ᠠᠬᠤᠶ ᠳᠤ ᠰᠠᠭᠤᠷᠢᠯᠠᠵᠤ᠂ ᠬᠦᠳᠡᠭᠡ ᠪᠠᠶᠢᠭᠠᠯᠢ ᠶᠢᠨ ᠵᠤᠭ᠎ᠠ ᠴᠡᠩᠬᠡᠯ ᠢ ᠪᠠᠳᠤᠯᠠᠬᠤ᠂ ᠨᠠᠷᠢᠯᠢᠭᠵᠢᠭᠤᠯᠤᠨ ᠬᠠᠮᠢᠶᠠᠷᠬᠤ᠂ | ᠨᠡᠶᠢᠭᠡᠮ ᠳᠤ ᠦᠢᠯᠡᠴᠢᠯᠡᠬᠦ︾ ᠳᠦᠷᠢ ᠲᠥᠷᠬᠦ ᠶᠢ ᠳᠡᠯᠭᠡᠨ ᠦᠵᠡᠭᠦᠯᠬᠦ ᠶᠢ ᠵᠣᠷᠢᠵᠠᠢ᠃ | ᠣᠷᠴᠢᠮ ᠤᠨ ᠵᠢᠯ ᠤᠳ ᠲᠤ ᠂ ᠮᠠᠨ ᠤ ᠬᠤᠲᠠ ᠶᠢᠨ ᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠨᠢ ᠠᠮᠢ ᠠᠬᠤᠶ ᠶᠢᠨ ᠡᠯᠧᠮᠧᠨ᠋ᠲ ᠢ | ᠬᠤᠲᠠ ᠳᠤ ᠣᠷᠣᠭᠤᠯᠤᠨ ᠬᠤᠲᠠ ᠶᠢ ᠪᠠᠶᠢᠭᠠᠯᠢ ᠳᠤ ᠠᠭᠤᠰᠬᠠᠵᠤ᠂ ᠨᠢᠭᠡ ᠪᠦᠯᠦᠭ ᠰᠣᠳᠣᠨ ᠪᠦᠲᠦᠭᠡᠯ ᠤᠨ ᠢᠨᠵᠧᠨᠧᠷᠢᠩ ᠂ ᠭᠢᠯᠠᠰ ᠴᠡᠭ ᠢᠨᠵᠧᠨᠧᠷᠢᠩ ᠢ | ᠴᠤᠭᠴᠠᠯᠠᠨ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ ᠵᠣᠷᠢᠯᠭ᠎ᠠ ᠶᠢ ᠪᠡᠶᠡᠯᠡᠭᠦᠯᠪᠡ ᠃ ᠨᠤᠭᠤ ᠭᠠᠵᠠᠷ ᠤᠨ ᠴᠡᠴᠡᠷᠯᠢᠭ ᠨᠢ ᠶᠠᠭ | ᠮᠠᠨ ᠤ ᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠮᠠᠰᠢ ᠣᠯᠠᠨ ᠠᠮᠵᠢᠯᠲᠠ ᠪᠦᠲᠦᠮᠵᠢ ᠶᠢᠨ ᠳᠣᠲᠣᠷᠠᠬᠢ ᠨᠢᠭᠡᠨ ᠬᠤᠷᠢᠶᠠᠩᠭᠤᠢ ᠳᠥᠷᠢ | ᠪᠣᠯᠤᠨ᠎ᠠ᠃ ᠡᠨᠡ ᠤᠳᠠᠭᠠᠨ ᠤ ᠦᠵᠡᠭᠦᠯᠭᠡ ᠶᠢᠨ ᠪᠦᠲᠦᠭᠡᠯ ᠪᠣᠯ ᠮᠠᠨ ᠤ ᠬᠤᠲᠠ ᠶᠢᠨ ᠭᠡᠷᠡᠯ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠳ ᠨᠢᠭᠡ ᠵᠢᠯ ᠤᠨ | ᠴᠠᠭ ᠢ ᠬᠡᠷᠡᠭᠯᠡᠵᠦ᠂ ᠳᠥᠷᠪᠡᠨ ᠤᠯᠠᠷᠢᠯ ᠢᠶᠠᠷ ᠰᠡᠭᠦᠳᠡᠷᠯᠡᠭᠰᠡᠨ ᠪᠦᠳᠦᠭᠡᠯ ᠤᠳ ᠪᠤᠯᠤᠨ᠎ᠠ᠃ ᠲᠣᠰ ᠤᠳᠠᠭᠠᠨ ᠤ ᠭᠡᠷᠡᠯ ᠵᠢᠷᠤᠭ ᠤᠨ ᠤᠷᠠᠯᠢᠭ ᠤᠨ | ᠦᠵᠡᠭᠦᠯᠭᠡ 1 ᠳ᠋ᠤᠭᠡᠷ ᠰᠠᠷ᠎ᠠ ᠶᠢᠨ 17 ᠤ ᠡᠳᠦᠷ ᠦᠨᠳᠦᠷᠯᠡᠨ᠎ᠡ᠃ ᠵᠢᠷᠤᠭ ᠪᠣᠯ ᠭᠡᠷᠡᠯ ᠵᠢᠷᠤᠭ ᠲᠠᠲᠠᠬᠤ ᠳᠤᠷᠠᠲᠠᠶ ᠬᠥᠮᠦᠰ ᠭᠡᠷᠡᠯ ᠵᠢᠷᠤᠭ ᠤᠨ ᠪᠦᠲᠦᠭᠡᠯ ᠢ | ᠲᠣᠭᠤᠷᠢᠨ ᠦᠵᠡᠵᠦ ᠪᠠᠶᠢᠭ᠎ᠠ ᠨᠢ᠃ | ᠰᠤᠷᠪᠤᠯᠵᠢᠯᠠᠭᠴᠢ ᠰᠦᠩ ᠰᠢᠶᠠᠩ ᠬᠤᠸᠠ ᠰᠡᠭᠦᠳᠡᠷᠯᠡᠪᠡ |