ᠰᠢᠨ᠎ᠡ ᠬᠤᠲᠠ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠣᠶᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/1/14
     1 ᠳ᠋ᠦ᠋ᠭᠡᠷ ᠰᠠᠷ᠎ᠠ ᠶᠢᠨ 9 ᠤ ᠡᠳᠦᠷ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ  ᠸᠧᠶ ᠬᠤᠩ ᠵᠢᠶᠦ᠋ᠨ ᠳᠤᠭᠤᠶᠢᠯᠠᠩ ᠳᠠᠭᠠᠭᠤᠯᠤᠨ ᠬᠠᠷᠢᠶᠠᠲᠤ ᠲᠤᠭᠤᠷᠢᠭ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠲᠤᠰᠠᠭᠠᠷᠯᠠᠬᠤ ᠪᠠᠭᠤᠳᠠᠯ᠂ ᠵᠡᠭᠡᠯᠢ ᠳᠠᠭᠠᠤ ᠶᠢᠨ ᠡᠮ ᠤᠨ ᠳᠡᠯᠭᠡᠭᠦᠷ᠂ ᠬᠤᠯᠠ ᠵᠠᠮ ᠤᠨ ᠮᠠᠰᠢᠨ ᠲᠡᠷᠭᠡᠨ ᠤ ᠥᠷᠲᠡᠭᠡ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠮᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠬᠤ ᠳᠠᠭᠠᠨ᠂ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠣᠶᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠴᠧᠩ ᠹᠠ ᠤᠪᠤᠭ᠎ᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠱᠧᠨ ᠲᠦᠩ ᠲᠦᠷᠭᠡᠨ ᠢᠯᠡᠭᠡᠮᠵᠢ ᠶᠢᠨ ᠺᠣᠮᠫᠠᠨᠢ ᠳᠤ ᠬᠦᠷᠴᠦ᠂ ᠠᠵᠢᠯᠲᠠᠨ᠂ ᠲᠡᠷᠭᠡ ᠬᠥᠰᠬᠡ ᠶᠢᠨ ᠳᠡᠩᠰᠡᠯᠡᠯᠲᠡ ᠵᠡᠷᠭᠡ ᠡᠯ᠎ᠡ ᠲᠥᠷᠥᠯ ᠤᠨ ᠡᠬᠡ ᠲᠠᠩᠰᠠ ᠶᠢ ᠨᠠᠷᠢᠨ ᠪᠠᠶᠢᠴᠠᠭᠠᠨ ᠦᠵᠡᠵᠦ᠂ ᠢᠯᠭᠠᠬᠤ ᠲᠠᠰᠤᠭ ᠲᠤ ᠣᠷᠣᠵᠤ ᠠᠵᠢᠯᠴᠢᠨ ᠤ ᠰᠡᠷᠭᠡᠶᠢᠯᠡᠨ ᠬᠠᠮᠠᠭᠠᠯᠠᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠠᠵᠢᠯᠴᠢᠨ ᠤ ᠬᠤᠨᠤᠭ ᠪᠠᠭᠤᠳᠠᠯ᠂ ᠬᠤᠭᠤᠯᠠ ᠤᠮᠳᠠ ᠵᠡᠷᠭᠡ ᠡᠯ᠎ᠡ ᠲᠥᠷᠥᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ︔ ᠥᠪᠥᠷ ᠮᠣᠩᠭᠤᠯ ᠤᠨ ᠹᠦ᠋ ᠬᠠᠶ ᠰᠢᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠵᠠᠬ᠎ᠠ ᠳᠡᠯᠭᠡᠭᠦᠷ ᠤᠨ ᠳᠤᠯᠠᠭᠠᠨ ᠢ ᠬᠡᠮᠵᠢᠬᠦ ᠲᠥᠬᠦᠭᠡᠷᠦᠮᠵᠢ᠂ ᠬᠦᠢᠲᠡᠨ ᠬᠡᠯᠬᠢᠶᠡᠲᠦ ᠢᠳᠡᠭᠡᠨ ᠤ ᠣᠶᠤᠨᠴᠢ ᠬᠠᠮᠢᠶᠠᠷᠤᠯᠲᠠ ᠶᠢᠨ ᠰᠢᠰᠲ᠋ᠧᠮ ᠵᠡᠷᠭᠡ ᠶᠢᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ᠂ ᠵᠠᠬ᠎ᠠ ᠳᠡᠯᠭᠡᠭᠦᠷ ᠲᠠᠬᠢ ᠬᠤᠳᠠᠯᠳᠤᠭᠠᠴᠢᠨ᠂ ᠵᠣᠴᠢᠨ ᠠᠮᠠᠪᠴᠢ ᠵᠡᠬᠦᠵᠦ ᠪᠠᠶᠢᠬᠤ ᠵᠡᠷᠭᠡ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ︔ ᠲᠤᠰᠠᠭᠠᠷᠯᠠᠬᠤ ᠪᠠᠭᠤᠳᠠᠯ ᠳᠤ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠲᠤᠰᠠᠭᠠᠷᠯᠠᠭᠰᠠᠨ ᠬᠥᠮᠦᠨ ᠤ ᠲᠤᠭ᠎ᠠ ᠶᠢ ᠨᠠᠷᠢᠨ ᠣᠶᠢᠯᠠᠭᠠᠵᠤ᠂ ᠲᠤᠰᠠᠭᠠᠷᠯᠠᠭᠰᠠᠨ ᠬᠥᠮᠦᠰ᠂ ᠰᠡᠷᠭᠡᠶᠢᠯᠡᠨ ᠡᠵᠡᠮᠳᠡᠬᠦ ᠠᠵᠢᠯᠲᠠᠨ ᠤ ᠡᠯ᠎ᠡ ᠵᠣᠶᠢᠯ ᠤᠨ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠯᠠᠪᠯᠠᠨ ᠠᠰᠠᠭᠤᠪᠠ︔ ᠬᠥᠬᠡᠬᠤᠲᠠ ᠶᠢᠨ ᠬᠤᠯᠠ ᠵᠠᠮ ᠤᠨ ᠮᠠᠰᠢᠨ ᠲᠡᠷᠭᠡᠨ ᠤ ᠦᠷᠲᠡᠭᠡ ᠳᠤ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠦᠷᠲᠡᠭᠡ ᠳᠤ ᠣᠷᠣᠬᠤ ᠳᠤᠯᠠᠭᠠᠨ ᠤ ᠬᠡᠮᠵᠢᠭᠦᠷ ᠤᠨ ᠬᠡᠷᠡᠭᠯᠡᠯᠲᠡ᠂ ︽ᠨᠢᠭᠡ ᠮᠧᠲᠷ ᠤᠨ ᠱᠤᠭᠤᠮ︾ ᠤᠨ ᠠᠷᠭ᠎ᠠ ᠬᠡᠮᠵᠢᠶ᠎ᠡ᠂ ᠲᠡᠷᠭᠡ ᠬᠦᠯᠢᠶᠡᠬᠦ ᠠᠶᠠᠨᠴᠢᠳ ᠤᠨ ᠰᠡᠷᠭᠡᠶᠢᠯᠡᠨ ᠬᠠᠮᠠᠭᠠᠯᠠᠬᠤ ᠰᠠᠨᠠᠭᠤᠯᠤᠮᠵᠢ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠪᠠᠰᠠ ᠵᠡᠭᠡᠯᠢ ᠳᠠᠭᠠᠤ ᠶᠢᠨ ᠡᠮ ᠤᠨ ᠳᠡᠯᠭᠡᠭᠦᠷ ᠲᠤ ᠬᠦᠷᠴᠦ᠂ ᠬᠤᠯᠪᠣᠭᠳᠠᠯ ᠪᠥᠬᠦᠶ ᠡᠮ ᠤᠨ ᠵᠣᠶᠢᠯ ᠢ ᠬᠤᠳᠠᠯᠳᠤᠨ ᠠᠪᠤᠭᠰᠠᠨ ᠦᠨᠡᠨ ᠨᠡᠷ᠎ᠡ ᠶᠢᠨ ᠲᠦᠷᠢᠮ ᠢᠶᠠᠷ ᠳᠠᠩᠰᠠᠯᠠᠭᠤᠯᠤᠭᠰᠠᠨ ᠵᠡᠷᠭᠡ ᠪᠠᠶᠢᠳᠠᠯ ᠢ ᠰᠢᠮᠳᠠᠭᠤᠯᠤᠨ ᠪᠠᠶᠢᠴᠠᠭᠠᠪᠠ᠃      ᠰᠢᠮᠳᠠᠭᠤᠯᠤᠨ ᠵᠢᠯᠣᠭᠤᠳᠬᠤ ᠳᠤᠭᠤᠶᠢᠯᠠᠩ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠰᠢᠮᠳᠠᠭᠤᠯᠤᠨ ᠵᠢᠯᠣᠭᠤᠳᠬᠤ ᠳᠤᠭᠤᠶᠢᠯᠠᠩ ᠴᠢᠬᠤᠯᠠᠴᠢᠯᠠᠭᠰᠠᠨ ᠨᠢ᠂ ᠬᠦᠢᠲᠡᠨ ᠬᠡᠯᠬᠢᠶ᠎ᠡ᠂ ᠪᠠᠷᠠᠭᠠᠨ ᠤ ᠭᠦᠢᠯᠭᠡᠭᠡ ᠵᠡᠷᠭᠡ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠸᠠᠺᠼᠢᠨ ᠤ ᠲᠠᠷᠢᠯᠭ᠎ᠠ ᠪᠠ ᠰᠢᠨᠵᠢᠯᠡᠬᠦ ᠤᠬᠠᠭᠠᠨᠴᠢ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ︔ ᠬᠠᠷᠢᠶ᠎ᠠ ᠭᠠᠵᠠᠷ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠨ᠂ ᠪᠡᠶ᠎ᠡ ᠶᠢᠨ ᠲᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠡᠳᠦᠷ ᠲᠤᠲᠤᠮ ᠤᠨ ᠠᠷᠢᠭᠤᠳᠬᠠᠯ ᠬᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ︔ ᠡᠯ᠎ᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠮ ᠬᠤᠳᠠᠯᠳᠤᠨ ᠠᠪᠬᠤ ᠦᠨᠡᠨ ᠨᠡᠷ᠎ᠡ ᠪᠠᠷ ᠳᠡᠩᠰᠡᠯᠡᠨ ᠲᠡᠮᠳᠡᠭᠯᠡᠬᠦ᠂ ᠲᠡᠷᠭᠡᠨ ᠥᠷᠲᠡᠭᠡᠨ ᠤ ᠲᠡᠷᠭᠡ ᠬᠦᠯᠢᠶᠡᠬᠦ ᠲᠢᠩᠬᠢᠮ ᠤᠨ ᠨᠢᠭᠡ ᠮᠧᠲᠷ ᠤᠨ ᠱᠤᠭᠤᠮ᠂ ᠬᠠᠯᠠᠭᠤᠷᠠᠭᠰᠠᠨ ᠡᠪᠡᠳᠴᠢᠲᠡᠨ ᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠡ ᠶᠢ ᠰᠢᠮᠳᠠᠭᠤᠯᠤᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ︔ ᠤᠷᠮ᠎ᠠ ᠰᠡᠳᠬᠢᠯᠭᠡ ᠶᠢᠨ ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ᠂ ᠬᠤᠪᠢ ᠬᠥᠮᠦᠨ ᠤ ᠬᠠᠮᠠᠭᠠᠯᠠᠯᠲᠠ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠡᠷᠡᠰ ᠰᠠᠶᠢᠲᠤᠷ ᠰᠠᠬᠢᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号