ᠮᠠᠨ ᠤ ᠬᠤᠲᠠ ᠶᠢᠨ12345 ᠠᠷᠠᠳ ᠲᠤ ᠦᠢᠯᠡᠴᠢᠯᠡᠬᠦ ᠬᠠᠯᠠᠮᠰᠢᠯ ᠤᠳᠠᠰᠤ ᠬᠤᠲᠠ ᠶᠢᠨ ᠠᠷᠠᠳ ᠤᠨ ᠬᠦᠰᠡᠯ ᠱᠠᠭᠠᠷᠳᠠᠯᠭ᠎ᠠ ᠶᠢ15 ᠲᠦᠮᠡ ᠭᠠᠷᠤᠢ ᠬᠤᠪᠢ ᠬᠦᠯᠢᠶᠡᠨ ᠠᠪᠴᠤ ᠬᠦᠢᠴᠡᠳᠬᠡᠪᠡ
ᠨᠡᠶᠢᠲᠡᠯᠡᠭᠰᠡᠨ ᠴᠠᠭ᠄
2021/1/14
     ᠮᠠᠨ ᠤ ᠬᠤᠲᠠ ︽ᠵᠠᠭᠠᠯᠳᠤᠯᠭ᠎ᠠ ᠶᠢ ᠬᠦᠯᠢᠶᠡᠭᠰᠡᠨ ᠳᠠᠷᠤᠢ ᠭᠦᠢᠴᠡᠳᠬᠡᠬᠦ︾ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ︽ᠨᠢᠭᠡᠳᠦᠯᠲᠡᠢ ᠲᠣᠰᠴᠤ ᠠᠪᠬᠤ᠂ ᠬᠠᠷᠢᠭᠤᠴᠠᠯᠭ᠎ᠠ ᠶᠢᠨ ᠶᠣᠰᠣᠭᠠᠷ ᠰᠢᠯᠵᠢᠭᠦᠯᠦᠨ ᠭᠦᠢᠴᠡᠳᠬᠡᠬᠦ᠂ ᠴᠠᠭ ᠲᠣᠭᠲᠠᠭᠠᠨ ᠰᠢᠢᠳᠪᠦᠷᠢᠯᠡᠬᠦ᠂ ᠨᠢᠭᠡᠳᠦᠯᠲᠡᠢ ᠰᠢᠮᠳᠠᠭᠤᠯᠤᠨ ᠭᠦᠢᠴᠡᠳᠬᠡᠬᠦ᠂ ᠰᠢᠯᠭᠠᠨ ᠦᠨᠡᠯᠡᠬᠦ︾ ᠲᠠᠪᠤᠨ ᠠᠯᠬᠤᠮ ᠤᠨ ᠪᠢᠲᠡᠭᠦᠦ ᠴᠠᠭᠠᠷᠢᠭ ᠤᠨ ᠠᠵᠢᠯ ᠤᠨ ᠲᠣᠭᠲᠠᠴᠠ ᠶᠢᠨ ᠱᠠᠭᠠᠷᠳᠠᠯᠭ᠎ᠠ ᠶᠢ ᠵᠢᠷᠤᠮᠯᠠᠨ᠂ ︽ᠨᠢᠭᠡ ᠤᠲᠠᠰᠤ ᠪᠠᠷ ᠬᠦᠯᠢᠶᠡᠨ ᠠᠪᠬᠤ᠂ ᠬᠠᠷᠢᠯᠴᠠᠨ ᠨᠡᠪᠲᠡᠷᠡᠵᠦ ᠬᠤᠯᠪᠣᠯᠳᠤᠬᠤ᠂ ᠣᠯᠠᠨ ᠲᠦᠮᠡᠨ ᠳᠤ ᠳᠥᠭᠦᠮ᠂ ᠰᠢᠢᠳᠪᠦᠷᠢᠲᠦ ᠪᠣᠳᠣᠯᠭ᠎ᠠ ᠳᠤ ᠦᠢᠯᠡᠴᠢᠯᠡᠬᠦ︾ ᠪᠠᠷ ᠬᠠᠷᠠᠯᠲᠠ ᠪᠣᠯᠭᠠᠨ᠂ ᠤᠤᠯ ᠤᠨ ᠠᠷᠭ᠎ᠠ ᠵᠠᠮ ᠳᠠᠩ ᠭᠠᠭᠴᠠ᠂ ᠣᠯᠠᠨ ᠳ᠋ᠤᠭᠠᠷ ᠡᠭᠡᠳᠡᠷᠡᠭᠰᠡᠨ ᠬᠠᠯᠠᠮᠰᠢᠯ ᠤᠲᠠᠰᠤ ᠶᠢᠨ ᠮᠠᠶ᠋ᠢᠭ ᠢ ᠲᠤᠶᠢᠯᠪᠤᠷᠢᠲᠠᠢ ᠡᠪᠳᠡᠵᠦ᠂ ︽ᠨᠢᠭᠡ ᠤᠲᠠᠰᠤ ᠪᠠᠷ ᠪᠦᠬᠦᠨ ᠢ ᠭᠦᠢᠴᠡᠳᠬᠡᠵᠦ᠂ ᠥᠨᠳᠥᠷ ᠦᠷ᠎ᠡ ᠪᠦᠲᠦᠮᠵᠢ ᠲᠠᠢ ᠪᠠᠷ ᠬᠥᠳᠡᠯᠦᠯᠴᠡᠬᠦ ︾ ᠦᠢᠯᠡᠴᠢᠯᠡᠭᠡ ᠬᠠᠮᠢᠶᠠᠷᠤᠯᠲᠠ ᠶᠢᠨ ᠰᠢᠨ᠎ᠡ ᠵᠠᠭᠪᠤᠷ ᠢ ᠡᠬᠢᠯᠡᠨ ᠬᠡᠷᠡᠭᠵᠢᠭᠦᠯᠪᠡ᠃ ︽12345︾ ᠠᠷᠠᠳ ᠲᠤ ᠦᠢᠯᠡᠴᠢᠯᠡᠬᠦ ᠬᠠᠯᠠᠮᠰᠢᠯ ᠤᠲᠠᠰᠤ ᠬᠡᠷᠡᠭᠯᠡᠭᠡᠨ ᠳᠤ ᠣᠷᠣᠭᠰᠠᠨ ᠠᠴᠠ ᠣᠳᠣᠬᠠᠨ ᠪᠣᠯᠲᠠᠯ᠎ᠠ ᠬᠤᠲᠠ ᠶᠢᠨ ᠠᠷᠠᠳ ᠤᠨ ᠬᠦᠰᠡᠯ ᠱᠠᠭᠠᠷᠳᠠᠯᠭ᠎ᠠ ᠶᠢ ᠨᠡᠶᠢᠲᠡ 153676 ᠬᠤᠪᠢ ᠬᠦᠯᠢᠶᠡᠨ ᠠᠪᠴᠤ ᠬᠦᠢᠴᠡᠳᠬᠡᠵᠡᠢ᠃ ︵ᠰᠤᠷᠪᠤᠯᠵᠢᠯᠠᠭᠴᠢ ᠯᠢᠶᠠᠩ ᠵᠢᠩ ᠱᠤ᠋ ᠰᠡᠭᠦᠳᠡᠷᠯᠡᠪᠡ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号