ᠮᠠᠨ ᠤ ᠬᠤᠲᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠢ ᠨᠢᠭᠡᠨᠲᠡ 450 ᠶᠢ ᠪᠠᠶᠢᠭᠤᠯᠪᠠ
ᠨᠡᠶᠢᠲᠡᠯᠡᠭᠰᠡᠨ ᠴᠠᠭ᠄
2021/1/14
      ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ︽ᠦᠨᠳᠦᠰᠦᠨ ᠱᠠᠲᠤᠨ ᠤ ᠰᠠᠭᠤᠷᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠢᠯ︾ ᠢ ᠡᠬᠢᠯᠡᠭᠦᠯᠬᠦ ᠪᠠᠷ ᠭᠠᠷᠳᠠᠴᠠ ᠪᠣᠯᠭᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠣᠳᠣᠬᠠᠨ ᠪᠣᠯᠲᠠᠯ᠎ᠠ ᠪᠦᠬᠦ ᠬᠤᠲᠠ ᠳᠤ  ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠢ ᠨᠢᠭᠡᠨᠲᠡ 450 ᠶᠢ ᠪᠠᠶᠢᠭᠤᠯᠪᠠ᠃     ᠣᠶᠢᠯᠠᠭᠠᠭᠰᠠᠨ ᠢᠶᠠᠷ᠂ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠦᠢᠯᠡᠴᠢᠯᠡᠭᠡᠨ ᠤ ᠠᠭᠤᠯᠭ᠎ᠠ ᠪᠠᠨ ᠲᠠᠰᠤᠷᠠᠯᠲᠠ ᠦᠭᠡᠢ ᠥᠷᠭᠡᠳᠬᠡᠨ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ︽ᠳᠥᠷᠪᠡ ᠶᠢ ᠬᠦᠨᠳᠦᠳᠬᠡᠬᠦ︾ ︽ᠲᠠᠪᠤ ᠶᠢ ᠬᠠᠯᠠᠮᠵᠢᠯᠠᠬᠤ︾ ︽ᠵᠢᠷᠭᠤᠭ᠎ᠠ ᠶᠢ ᠰᠤᠷᠪᠤᠯᠵᠢᠯᠠᠬᠤ︾ ᠶᠢ ᠶᠡᠬᠡᠪᠡᠷ ᠬᠡᠷᠡᠭᠵᠢᠭᠦᠯᠵᠦ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠣᠨ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠦᠢᠯᠡᠴᠢᠯᠡᠭᠡᠨ ᠤ ᠥᠷᠲᠡᠭᠡ 11899 ᠠᠯᠪᠠᠨ ᠠᠴᠠ ᠬᠠᠯᠠᠭᠳᠠᠭᠰᠠᠨ ᠴᠡᠷᠢᠭ ᠢ ᠳᠠᠭᠠᠭᠠᠨ ᠬᠠᠷᠢᠯᠴᠠᠵᠤ᠂ ᠥᠷᠭᠡᠨ ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ ᠡᠯ᠎ᠡ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠪᠣᠳᠠᠲᠠᠢ ᠲᠠᠢ ᠤᠶᠠᠯᠳᠤᠭᠤᠯᠤᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠨᠡᠶᠢᠭᠡᠮ ᠤᠨ ᠵᠠᠰᠠᠯᠲᠠ ᠪᠠ ᠰᠠᠶᠢᠨ ᠳᠤᠷ᠎ᠠ ᠶᠢᠨ ᠦᠢᠯᠡᠴᠢᠯᠡᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠨ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ 9 ︽ᠹᠧᠩ ᠴᠢᠶᠥᠥ ᠮᠠᠶ᠋ᠢᠭ︾ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠪᠠ ᠨᠢᠭᠡ ᠪᠦᠯᠦᠭ ᠵᠢᠱᠢᠶᠡᠴᠢ ᠨᠡᠶᠢᠲᠡᠯᠢᠭ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢ ᠴᠣᠭᠴᠠᠯᠠᠨ ᠪᠠᠶᠢᠭᠤᠯᠪᠠ᠃      ᠳᠠᠷᠠᠭᠠᠴᠢ ᠶᠢᠨ ᠠᠯᠬᠤᠮ ᠳᠤ᠂ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠦᠵᠡᠯ ᠰᠠᠨᠠᠭ᠎ᠠ ᠤᠯᠤᠰ ᠲᠥᠷᠥ ᠶᠢᠨ ᠪᠦᠲᠦᠭᠡᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ︽ᠰᠢᠨ᠎ᠡ ᠴᠠᠭ ᠦᠶ᠎ᠡ ᠶᠢᠨ ᠬᠥᠬᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠰᠠᠶᠢᠨ ᠬᠢᠬᠦ 1 + 6 ᠬᠡᠷᠡᠭᠵᠢᠭᠦᠯᠬᠦ ᠲᠥᠰᠥᠯ︾ ᠢ  ᠲᠤᠭᠲᠠᠭᠠᠬᠤ ᠶᠢ ᠠᠬᠢᠭᠤᠯᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠨᠡᠨᠬᠦ ᠨᠠᠷᠢᠯᠢᠭ ᠪᠣᠳᠠᠲᠠᠢ ᠨᠠᠶᠢᠳᠠᠪᠤᠷᠢᠵᠢᠭᠤᠯᠤᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠦᠨᠳᠦᠰᠦᠨ ᠠᠵᠢᠯ ᠢ ᠪᠠᠲᠤᠳᠬᠠᠨ᠂ ︽ᠰᠢᠨ᠎ᠡ ᠴᠠᠭ ᠦᠶ᠎ᠡ ᠶᠢᠨ ᠬᠥᠬᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ︾ ︽ᠮᠢᠩᠭᠠᠨ ᠠᠵᠤ ᠠᠬᠤᠶᠢᠯᠠᠯ ᠢ ᠮᠢᠩᠭᠠᠨ ᠴᠡᠷᠢᠭ ᠲᠠᠢ ᠬᠤᠯᠪᠤᠬᠤ ︿ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ﹀ ᠶᠢᠨ ᠬᠡᠷᠡᠭᠵᠢᠭᠦᠯᠬᠦ ᠲᠥᠰᠦᠯ ︵2020 - 2022 ᠣᠨ︶︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠠᠵᠢᠯ ᠤᠨ ᠲᠦᠭᠵᠢᠷᠡᠯ ᠢ ᠰᠢᠯᠤᠭᠤᠳᠬᠠᠨ᠎ᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号