ᠵᠢᠩᠬᠢᠨᠢ ᠠᠩᠭᠢ ᠶᠢᠨ ᠲᠡᠭᠦᠰᠬᠦ ᠥᠭᠦᠯᠡᠯ ᠢ ᠵᠢᠯ ᠪᠦᠷᠢ ᠰᠤᠭᠤᠯᠤᠨ ᠪᠠᠶᠢᠴᠠᠭᠠᠨ᠎ᠠ
ᠨᠡᠶᠢᠲᠡᠯᠡᠭᠰᠡᠨ ᠴᠠᠭ᠄
2021/1/14
     ᠰᠢᠨᠬᠤᠧᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 7 ᠤ ᠡᠳᠦᠷ ᠤᠨ ᠮᠡᠳᠡᠭᠡ ᠰᠤᠷᠪᠤᠯᠵᠢᠯᠠᠭᠴᠢ 7 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠶᠡᠭᠡ ᠳᠡᠭᠡᠳᠦ ᠰᠤᠷᠭᠠᠭᠤᠯᠢ ᠶᠢᠨ ᠬᠥᠮᠦᠵᠢᠭᠦᠯᠬᠦ ᠶᠠᠪᠤᠴᠠ ᠳᠠᠬᠢ ᠬᠠᠮᠢᠶᠠᠷᠤᠯᠲᠠ ᠶᠢ ᠴᠢᠩᠭᠠᠳᠬᠠᠬᠤ᠂ ᠲᠡᠭᠦᠰᠬᠦ ᠪᠤᠭᠤᠮᠳᠠ ᠶᠢᠨ ᠶᠠᠰᠤ ᠴᠢᠨᠠᠷ ᠢ ᠰᠠᠶᠢᠲᠤᠷ ᠠᠳᠬᠤᠬᠤ ᠶᠢ ᠲᠦᠯᠬᠢᠨ ᠠᠬᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ︽ᠵᠢᠩᠬᠢᠨᠢ ᠠᠩᠭᠢ ᠶᠢᠨ ᠲᠡᠭᠦᠰᠬᠦ ᠥᠭᠦᠯᠡᠯ ︵ᠵᠢᠷᠤᠭ ᠲᠥᠯᠥᠪᠯᠡᠭᠡ︶ ᠢ ᠰᠤᠭᠤᠯᠤᠨ ᠪᠠᠶᠢᠴᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠵᠢᠩᠬᠢᠨᠢ ᠠᠩᠭᠢ ᠶᠢᠨ ᠲᠡᠭᠦᠰᠬᠦ ᠥᠭᠦᠯᠡᠯ ︵ᠵᠢᠷᠤᠭ ᠲᠥᠯᠥᠪᠯᠡᠭᠡ ︶ ᠢ ᠰᠤᠭᠤᠯᠤᠨ ᠪᠠᠶᠢᠴᠠᠭᠠᠬᠤ ᠲᠤᠷᠰᠢᠯᠲᠠ ᠶᠢᠨ ᠠᠵᠢᠯ ᠢ ᠡᠬᠢᠯᠡᠭᠦᠯᠪᠡ᠃      ᠡᠨᠡ ᠬᠦ ᠠᠷᠭ᠎ᠠ ᠶᠢ ᠦᠨᠳᠦᠰᠦᠯᠡᠪᠡᠯ᠂ ᠵᠢᠩᠬᠢᠨᠢ ᠠᠩᠭᠢ ᠶᠢᠨ ᠲᠡᠭᠦᠰᠬᠦ ᠥᠭᠦᠯᠡᠯ ᠢ ᠰᠤᠭᠤᠯᠤᠨ ᠪᠠᠶᠢᠴᠠᠭᠠᠬᠤ ᠠᠵᠢᠯ ᠢ ᠵᠢᠯ ᠪᠦᠷᠢ ᠨᠢᠭᠡ ᠤᠳᠠᠭ᠎ᠠ ᠬᠢᠵᠦ᠂ ᠳᠡᠭᠡᠷ᠎ᠡ ᠨᠢᠭᠡ ᠰᠤᠷᠤᠯᠭ᠎ᠠ ᠶᠢᠨ ᠣᠨ ᠳᠤ ᠪᠠᠴᠧᠯᠧᠷ ᠴᠣᠯᠠ ᠣᠯᠭᠤᠭᠰᠠᠨ ᠥᠭᠦᠯᠡᠯ ᠢ ᠰᠤᠭᠤᠯᠤᠨ ᠪᠠᠶᠢᠴᠠᠭᠠᠵᠤ᠂ ᠰᠤᠭᠤᠯᠤᠨ ᠪᠠᠶᠢᠴᠠᠭᠠᠬᠤ ᠬᠠᠷᠢᠴᠠᠯ ᠢ ᠵᠠᠷᠴᠢᠮ ᠳᠡᠭᠡᠷ᠎ᠡ ᠪᠠᠨ 2 % ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠮᠠᠰᠢᠨ ᠢᠶᠠᠷ ᠰᠤᠭᠤᠯᠬᠤ ᠠᠷᠭ᠎ᠠ ᠮᠠᠶ᠋ᠢᠭ ᠢ ᠠᠪᠴᠤ ᠰᠤᠭᠤᠯᠤᠨ ᠪᠠᠶᠢᠴᠠᠭᠠᠬᠤ ᠨᠡᠷᠡᠰ ᠢ ᠲᠣᠭᠲᠠᠭᠠᠵᠤ᠂ ᠰᠤᠭᠤᠯᠤᠨ ᠪᠠᠶᠢᠴᠠᠭᠠᠬᠤ ᠥᠭᠦᠯᠡᠯ ᠨᠢ ᠲᠣᠰ ᠭᠠᠵᠠᠷ ᠣᠷᠣᠨ ᠤ ᠪᠣᠶ ᠪᠥᠬᠦᠶ ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠡᠩ ᠤᠨ ᠶᠡᠭᠡ ᠳᠡᠭᠡᠳᠦ ᠰᠤᠷᠭᠠᠭᠤᠯᠢ ᠵᠢᠴᠢ ᠲᠡᠬᠦᠨ ᠤ ᠪᠥᠬᠦ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠢ ᠬᠠᠮᠤᠷᠤᠬᠰᠠᠨ ᠪᠠᠶᠢᠬᠤ ᠬᠡᠷᠡᠭᠳᠡᠢ᠃      ᠰᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠵᠦᠢ ᠵᠣᠬᠢᠰᠲᠠᠶ ᠠᠷᠭ᠎ᠠ ᠮᠠᠶ᠋ᠢᠭ ᠢᠶᠠᠷ ᠨᠡᠶᠢᠭᠡᠮ ᠳᠤ ᠢᠯᠡ ᠨᠡᠶᠢᠳᠡᠯᠡᠨ᠎ᠡ᠃ ᠰᠤᠭᠤᠯᠤᠨ ᠪᠠᠶᠢᠴᠠᠭᠠᠯᠳᠠ ᠳᠤ 2 ᠵᠢᠯ ᠳᠠᠷᠠᠭᠠᠯᠠᠨ ︽ᠠᠰᠠᠭᠤᠳᠠᠯ ᠲᠠᠢ ᠲᠡᠭᠦᠰᠬᠦ ᠥᠭᠦᠯᠡᠯ︾ ᠭᠠᠷᠤᠬᠰᠠᠨ ᠪᠥᠭᠡᠳ ᠬᠠᠷᠢᠴᠠᠯ ᠨᠢ ᠨᠡᠯᠢᠶᠡᠳ ᠥᠨᠳᠥᠷ ᠪᠤᠶᠤ ᠵᠣᠬᠢᠶᠠᠯ ᠤᠨ ᠲᠤᠭ᠎ᠠ ᠨᠢ ᠨᠡᠯᠢᠶᠡᠳ ᠣᠯᠠᠨ ᠶᠡᠭᠡ ᠳᠡᠭᠡᠳᠦ ᠰᠤᠷᠭᠠᠭᠤᠯᠢ ᠶᠢ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ  ᠠᠴᠠ ᠲᠣᠰ ᠮᠤᠵᠢ ᠶᠢᠨ ᠬᠡᠪᠴᠢᠶᠡᠨ ᠳᠣᠲᠣᠷ᠎ᠠ ᠪᠠᠨ ᠵᠠᠷᠯᠠᠨ ᠮᠡᠳᠡᠭᠳᠡᠵᠦ᠂ ᠲᠡᠭᠦᠨ ᠤ ᠰᠣᠷᠣᠭᠴᠢ ᠡᠯᠰᠡᠬᠦ ᠲᠥᠯᠥᠪᠯᠡᠭᠡ ᠶᠢ ᠨᠢ ᠪᠠᠭᠠᠰᠬᠠᠬᠤ ᠶᠢᠨ ᠬᠠᠮᠲᠤ ᠶᠠᠰᠤ ᠴᠢᠨᠠᠷ ᠤᠨ ᠲᠤᠬᠠᠢ ᠪᠣᠯᠵᠣᠨ ᠶᠠᠷᠢᠯᠴᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠨᠤᠭᠤᠳ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ ᠪᠣᠯᠤᠨ ᠬᠤᠪᠢ ᠬᠥᠮᠦᠨ ᠤ ᠴᠢᠳᠠᠪᠤᠷᠢᠲᠠᠨ ᠬᠥᠮᠦᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠵᠦ᠂ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠰᠤᠭᠤᠯᠤᠨ ᠪᠠᠶᠢᠴᠠᠭᠠᠯᠳᠠ ᠳᠤ 3 ᠵᠢᠯ ᠳᠠᠷᠠᠭᠠᠯᠠᠨ ᠨᠡᠯᠢᠶᠡᠳ ᠣᠯᠠᠨ ᠠᠰᠠᠭᠤᠳᠠᠯ ᠤᠷᠤᠰᠢᠵᠤ  ᠪᠠᠶᠢᠬᠰᠠᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠨᠢ ᠴᠡᠭᠴᠡᠯᠡᠨ ᠰᠠᠶᠢᠵᠢᠷᠠᠭᠤᠯᠤᠭᠠᠳ ᠮᠥᠨ ᠯᠡ ᠱᠠᠭᠠᠷᠳᠠᠯᠭ᠎ᠠ ᠳᠤ ᠬᠦᠷᠴᠦ ᠳᠡᠶᠢᠯᠦᠭᠰᠡᠨ ᠥᠬᠡᠶ ᠳᠤ ᠬᠦᠷᠪᠡᠯ᠂ ᠲᠡᠭᠦᠨ ᠢ ᠬᠥᠮᠦᠵᠢᠭᠦᠯᠬᠦ ᠶᠠᠰᠤ ᠴᠢᠨᠠᠷ ᠢ ᠪᠠᠲᠤᠯᠠᠵᠤ ᠳᠡᠶᠢᠯᠬᠦ ᠥᠬᠡᠶ ᠪᠠᠷ ᠦᠵᠡᠵᠦ᠂ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠵᠠᠷᠯᠢᠭᠳᠠᠵᠤ ᠪᠠᠶᠢᠭᠠᠳ ᠰᠣᠷᠣᠭᠴᠢ ᠡᠯᠰᠡᠬᠦ ᠶᠢ ᠨᠢ ᠲᠦᠷ ᠵᠣᠭᠰᠣᠭᠠᠬᠤ ᠪᠤᠶᠤ ᠮᠤᠵᠢ ᠶᠢᠨ ᠱᠠᠲᠤᠨ ᠤ ᠡᠷᠳᠡᠮ ᠤᠨ ᠴᠣᠯᠠ ᠶᠢᠨ ᠵᠥᠪᠯᠡᠯ ᠠᠴᠠ ᠪᠠᠴᠧᠯᠧᠷ ᠴᠣᠯᠠ ᠶᠢᠨ ᠡᠷᠬᠡ ᠣᠯᠭᠤᠬᠤ ᠴᠡᠭ ᠢ ᠨᠢ ᠬᠦᠴᠦᠨ ᠥᠬᠡᠶ ᠪᠣᠯᠭᠠᠨ᠎ᠠ᠃      ᠬᠠᠭᠤᠯᠬᠤ᠂ ᠬᠤᠯᠠᠭᠠᠶᠢᠯᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ᠂ ᠥᠭᠡᠷᠡᠲᠦᠭᠦᠯᠬᠦ᠂ ᠬᠤᠳᠠᠯᠳᠤᠭᠠᠯᠠᠬᠤ ᠂ ᠣᠷᠣᠯᠠᠨ ᠪᠢᠴᠢᠬᠦ ᠵᠡᠷᠭᠡ ᠡᠷᠳᠡᠮ ᠰᠢᠨᠵᠢᠯᠡᠭᠡᠨ ᠤ ᠲᠥᠪ ᠪᠤᠰᠤ ᠦᠢᠯᠡ ᠠᠵᠢᠯᠯᠠᠭ᠎ᠠ ᠲᠠᠢ ᠪᠠᠷ ᠰᠡᠵᠢᠭᠯᠡᠭᠳᠡᠭᠰᠡᠨ ᠲᠡᠭᠦᠰᠬᠦ ᠥᠭᠦᠯᠡᠯ ᠢ ᠶᠡᠭᠡ ᠳᠡᠭᠡᠳᠦ ᠰᠤᠷᠭᠠᠭᠤᠯᠢ ᠨᠢ ᠬᠠᠮᠢᠶ᠎ᠠ ᠪᠥᠬᠦᠶ ᠲᠠᠰ ᠳᠠᠷᠠᠭᠠᠯᠠᠯ ᠶᠣᠰᠣᠭᠠᠷ ᠪᠠᠶᠢᠴᠠᠭᠠᠨ ᠬᠠᠷᠭᠤᠭᠤᠯᠬᠤ ᠬᠡᠷᠡᠭᠳᠡᠢ᠂ ᠪᠠᠶᠢᠴᠠᠭᠠᠨ ᠳᠣᠲᠣᠯᠠᠭᠰᠠᠨ ᠨᠢᠭᠡᠨᠲᠡ ᠡᠷᠳᠡᠮ ᠤᠨ ᠴᠣᠯᠠ ᠣᠯᠭᠤᠭᠰᠠᠨ ᠦᠬᠦᠯᠡᠯ ᠢ ᠬᠠᠤᠯᠢ ᠶᠣᠰᠣᠭᠠᠷ ᠬᠦᠴᠦᠨ ᠥᠬᠡᠶ ᠪᠣᠯᠭᠠᠬᠤ ᠶᠢᠨ ᠬᠠᠮᠲᠤ ᠡᠷᠳᠡᠮ ᠤᠨ ᠴᠣᠯᠠ ᠶᠢᠨ ᠦᠨᠡᠮᠯᠡᠯ ᠢ ᠨᠢ ᠬᠦᠴᠦᠨ ᠥᠬᠡᠶ ᠪᠣᠯᠭᠠᠬᠤ ᠬᠡᠷᠡᠭᠲᠡᠶ᠃ ᠰᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠵᠢᠩᠬᠢᠨᠢ ᠠᠩᠭᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠦᠨᠡᠯᠡᠨ ᠵᠢᠱᠢᠬᠦ᠂ ᠲᠡᠷᠢᠭᠦᠨ ᠵᠡᠷᠭᠡ ᠶᠢᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ ᠪᠠᠶᠢᠭᠤᠯᠤᠯᠲᠠ᠂ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ ᠭᠡᠷᠡᠴᠢᠯᠡᠯ ᠵᠢᠴᠢ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠵᠠᠷᠤᠳᠠᠯ ᠤᠨ ᠣᠷᠣᠭᠤᠯᠤᠯᠲᠠ ᠵᠡᠷᠭᠡ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠤᠬᠢᠷᠠᠭᠤᠯᠬᠤ ᠴᠢᠬᠤᠯᠠ ᠯᠠᠪᠯᠠᠬᠤ ᠦᠨᠳᠦᠰᠦᠯᠡᠯ ᠪᠣᠯᠭᠠᠨ᠎ᠠ᠃http://mongol.people.com.cn/15834713.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号