ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠨᠡᠶᠢᠲᠡᠯᠡᠵᠦ ᠪᠠᠭᠰᠢ ᠶᠢᠨ ᠮᠣᠷᠠᠯ ᠤᠨ ᠵᠢᠷᠤᠮᠵᠢᠯ ᠢ ᠠᠯᠳᠠᠭᠰᠠᠨ ᠦᠢᠯᠡ ᠠᠵᠢᠯᠯᠠᠭ᠎ᠠ ᠶᠢ ᠴᠢᠩᠭ᠎ᠠ ᠰᠢᠳᠭᠡᠬᠦ ᠪᠠᠷ ᠪᠤᠢ
ᠨᠡᠶᠢᠲᠡᠯᠡᠭᠰᠡᠨ ᠴᠠᠭ᠄
2021/1/14
      ᠥᠪᠥᠷ ᠮᠣᠩᠭᠤᠯ ᠤᠨ ᠡᠳᠦᠷ ᠤᠨ ᠰᠣᠨᠢᠨ ᠤ 1 ᠰᠠᠷ᠎ᠠ ᠶᠢᠨ 12 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠯᠢᠦ ᡁᠢ ᠰᠢᠶᠠᠨ︶ ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠠᠩᠬ᠎ᠠ ᠤᠳᠠᠭ᠎ᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠤᠨ ᠬᠡᠯᠪᠡᠷᠢ ᠪᠠᠷ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠵᠢᠴᠢ ᠪᠣᠳᠠᠲᠠᠶ ᠰᠢᠢᠳᠪᠦᠷᠢᠯᠡᠬᠦ ᠠᠷᠭ᠎ᠠ ᠶᠢ ᠵᠢᠭᠰᠠᠭᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠶᠢᠨ ᠲᠣᠭᠲᠠᠭᠠᠯ ᠠᠴᠠ  ᠵᠦᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠪᠠ᠃      ︽ᠠᠷᠭ᠎ᠠ︾ ᠳᠤ ᠪᠠᠭᠰᠢ ᠶᠢᠨ ᠶᠣᠰᠣ ᠮᠣᠷᠠᠯ ᠤᠨ ᠵᠢᠷᠤᠮᠵᠢᠯ ᠢ ᠠᠯᠳᠠᠭᠰᠠᠨ ᠦᠢᠯᠡ ᠠᠵᠢᠯᠯᠠᠭ᠎ᠠ ᠶᠢ  ᠰᠢᠢᠳᠪᠦᠷᠢᠯᠡᠬᠦ ᠦᠨᠳᠦᠰᠦᠯᠡᠯ᠂ ᠬᠡᠷᠡᠭᠯᠡᠬᠦ ᠬᠡᠪᠴᠢᠶ᠎ᠡ᠂  ᠴᠠᠭᠠᠵᠠᠯᠠᠬᠤ ᠬᠤᠷᠢᠭ᠎ᠠ ᠱᠤᠭᠤᠮ᠂ ᠪᠠᠶᠢᠴᠠᠭᠠᠬᠤ ᠵᠢᠷᠤᠮ᠂  ᠰᠢᠢᠳᠪᠦᠷᠢᠯᠡᠬᠦ ᠵᠠᠷᠴᠢᠮ᠂  ᠰᠢᠢᠳᠪᠦᠷᠢᠯᠡᠬᠦ ᠬᠡᠯᠪᠡᠷᠢ᠂ ᠬᠡᠷᠡᠭᠵᠢᠭᠦᠯᠬᠦ ᠡᠷᠬᠡ ᠶᠢᠨ ᠬᠢᠵᠠᠭᠠᠷ᠂ ᠰᠢᠢᠳᠪᠦᠷᠢᠯᠡᠭᠰᠡᠨ ᠦᠷ᠎ᠡ ᠳ᠋ᠦᠩ ᠢ ᠬᠡᠷᠡᠭᠯᠡᠬᠦ᠂ ᠭᠤᠮᠣᠳᠠᠯ ᠲᠣᠭᠠᠴᠢᠬᠤ ᠵᠢᠴᠢ ᠪᠠᠭᠰᠢ ᠶᠢᠨ ᠪᠠᠶᠢᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠪᠠ ᠰᠤᠷᠭᠠᠨ ᠬᠥᠮᠦᠵᠢᠯ ᠢ ᠭᠤᠤᠯᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠠᠵᠢᠯ ᠤᠨ ᠲᠤᠬᠠᠢ ᠱᠠᠭᠠᠷᠳᠠᠯᠭ᠎ᠠ ᠲᠣᠭᠲᠠᠭᠠᠵᠤ᠂ ᠳᠤᠮᠳᠠᠳᠤ ᠪᠠᠭ᠎ᠠ ᠰᠤᠷᠭᠠᠭᠤᠯᠢ ᠵᠢᠴᠢ ᠰᠤᠷᠭᠠᠨ ᠬᠥᠮᠦᠵᠢᠯ ᠢ ᠭᠤᠤᠯᠯᠠᠨ  ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠠ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠡᠷᠬᠢᠯᠡᠭᠴᠢ ᠵᠢᠴᠢ ᠭᠤᠤᠯᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠪᠠᠭᠰᠢ ᠶᠢᠨ ᠶᠣᠰᠣ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠥᠬᠡᠶ ᠪᠤᠶᠤ ᠵᠥᠪ ᠬᠦᠢᠴᠡᠳᠭᠡᠭᠰᠡᠨ ᠥᠬᠡᠶ ᠳᠤ ᠬᠦᠷᠪᠡᠯ ᠬᠠᠷᠢᠭᠤᠴᠠᠯᠭ᠎ᠠ ᠨᠡᠬᠡᠮᠵᠢᠯᠡᠨ᠎ᠡ ᠭᠡᠵᠦ ᠲᠣᠳᠣᠷᠬᠠᠶ ᠲᠣᠭᠲᠠᠭᠠᠪᠠ᠃      ︽ᠠᠷᠭ᠎ᠠ︾ ᠳᠤ᠂ ᠪᠠᠭᠰᠢ ᠶᠢᠨ ᠮᠣᠷᠠᠯ ᠤᠨ ᠵᠢᠷᠤᠮᠵᠢᠯ ᠢ ᠠᠯᠳᠠᠭᠰᠠᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠳᠡᠭᠡᠨ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠵᠡᠵᠦ ᠪᠠᠶᠢᠭᠠᠳ ᠵᠣᠬᠢᠴᠠᠩᠭᠤᠶ ᠰᠢᠢᠳᠪᠦᠷᠢᠯᠡᠨ᠎ᠡ᠂ ᠡᠭᠦᠨ ᠳᠤ ᠳᠣᠩᠭᠤᠳᠬᠤ᠂ ᠣᠰᠣᠯ ᠲᠡᠮᠳᠡᠭᠯᠡᠬᠦ᠂ ᠠᠵᠢᠯ ᠤᠨ ᠪᠠᠶᠢᠷᠢ ᠶᠢᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠥᠭᠡᠭᠡᠬᠦ ᠰᠢᠳᠬᠡᠯ ᠪᠠᠭᠳᠠᠵᠤ ᠪᠤᠢ᠃ ᠪᠤᠰᠤᠳ  ᠰᠢᠢᠳᠪᠦᠷᠢᠯᠡᠯᠳᠡ ᠳᠤ ᠰᠢᠭᠦᠮᠵᠢᠯᠡᠨ ᠬᠥᠮᠦᠵᠢᠭᠦᠯᠬᠦ᠂ ᠰᠡᠷᠡᠮᠵᠢᠯᠡᠭᠦᠯᠦᠨ ᠴᠡᠭᠡᠷᠯᠡᠭᠦᠯᠵᠦ ᠶᠠᠷᠢᠯᠴᠠᠬᠤ᠂ ᠵᠠᠷᠯᠢᠭᠳᠠᠨ ᠪᠠᠶᠢᠴᠠᠭᠠᠬᠤ᠂ ᠵᠠᠷᠯᠠᠨ ᠰᠢᠭᠦᠮᠵᠢᠯᠡᠬᠦ ᠵᠢᠴᠢ ᠱᠠᠩᠨᠠᠯ ᠰᠢᠯᠢᠳᠡᠭ ᠢ ᠰᠢᠯᠭᠠᠷᠠᠭᠤᠯᠬᠤ᠂ ᠲᠤᠰᠢᠶᠠᠯ ᠳᠡᠪᠰᠢᠭᠦᠯᠬᠦ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ᠂ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ᠂ ᠴᠠᠯᠢᠩ ᠤᠨ ᠲᠠᠰ ᠢ ᠳᠡᠪᠰᠢᠭᠦᠯᠬᠦ᠂ ᠴᠢᠳᠠᠪᠤᠷᠢᠲᠠᠨ ᠤ ᠲᠥᠯᠥᠪᠯᠡᠭᠡ ᠳᠤ ᠮᠡᠳᠡᠭᠦᠯᠬᠦ ᠵᠡᠷᠭᠡ ᠲᠠᠯ᠎ᠠ ᠶᠢᠨ ᠬᠢᠷᠢ ᠬᠡᠮ ᠢ ᠨᠢ ᠬᠠᠰᠤᠵᠤ᠂ ᠴᠢᠨᠠᠭᠰᠢᠯᠠᠪᠠᠯ ᠪᠠᠭᠰᠢ ᠶᠢᠨ ᠬᠢᠷᠢ ᠬᠡᠮ ᠢ ᠨᠢ ᠬᠠᠰᠤᠵᠤ᠂ ᠪᠠᠭᠰᠢ ᠶᠢᠨ ᠡᠩᠨᠡᠭᠡ ᠠᠴᠠ ᠴᠡᠪᠡᠷᠯᠡᠨ ᠭᠠᠷᠭᠠᠬᠤ  ᠵᠡᠷᠭᠡ ᠪᠠᠭᠳᠠᠵᠤ ᠪᠤᠢ᠃ ᠪᠠᠭᠰᠢ ᠶᠢᠨ ᠮᠣᠷᠠᠯ ᠤᠨ ᠵᠢᠷᠤᠮᠵᠢᠯ ᠢ ᠠᠯᠳᠠᠭᠰᠠᠨ ᠠᠴᠠ ᠪᠣᠯᠵᠣ ᠪᠠᠭᠰᠢ ᠶᠢᠨ ᠬᠢᠷᠢ ᠬᠡᠮ ᠢ ᠨᠢ ᠬᠠᠤᠯᠢ ᠶᠣᠰᠣᠭᠠᠷ ᠬᠠᠰᠤᠵᠤ᠂ ᠪᠠᠭᠰᠢ ᠶᠢᠨ ᠡᠩᠨᠡᠭᠡ ᠠᠴᠠ ᠴᠡᠪᠡᠷᠯᠡᠨ ᠭᠠᠷᠭᠠᠭᠰᠠᠨ ᠬᠥᠮᠦᠰ ᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠣᠲᠣᠷ᠎ᠠ ᠶᠠᠮᠠᠷᠪᠠ ᠰᠤᠷᠭᠠᠭᠤᠯᠢ ᠭᠡᠳ ᠳᠠᠭᠢᠵᠤ ᠤᠷᠢᠨ ᠬᠡᠷᠡᠭᠯᠡᠵᠦ ᠪᠣᠯᠬᠤ ᠥᠬᠡᠶ᠃ ᠪᠠᠭᠰᠢ ᠶᠢᠨ ᠶᠣᠰᠣ ᠮᠣᠷᠠᠯ ᠤᠨ ᠵᠢᠷᠤᠮᠵᠢᠯ ᠢ ᠠᠯᠳᠠᠭᠰᠠᠨ ᠢᠶᠠᠷ ᠰᠢᠢᠳᠪᠦᠷᠢᠯᠡᠭᠰᠡᠨ ᠦᠷ᠎ᠡ ᠳ᠋ᠦᠩ ᠢ ᠪᠦᠬᠦ ᠤᠯᠤᠰ ᠤᠨ ᠪᠠᠭᠰᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠤᠨ᠎ᠠ  ᠬᠡᠵᠦ ᠴᠢᠬᠤᠯᠠᠴᠢᠯᠠᠵᠠᠢ᠃http://mongol.people.com.cn/15835126.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号