ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ | ᠰᠣᠷᠣᠭᠴᠢ ᠡᠯᠰᠡᠬᠦ ᠲᠠᠭᠤᠤ ᠬᠥᠭᠵᠢᠮ ᠤᠨ ᠲᠥᠷᠥᠯ ᠤᠨ ᠨᠢᠭᠡᠳᠦᠯᠲᠡᠶ ᠰᠢᠯᠭᠠᠯᠲᠠ ᠶᠢᠨ ᠨᠢᠭᠤᠷᠲᠠᠬᠤ ᠰᠢᠯᠭᠠᠯᠲᠠ 1 | ᠰᠠᠷ᠎ᠠ ᠶᠢᠨ 14 ᠤ ᠡᠳᠦᠷ ᠠᠴᠠ ᠡᠬᠢᠯᠡᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ | ᠡᠯᠰᠡᠬᠦ ᠰᠢᠯᠭᠠᠯᠲᠠ ᠶᠢᠨ ᠲᠥᠪ ᠠᠴᠠ ᠲᠠᠭᠤᠤ ᠬᠥᠭᠵᠢᠮ ᠤᠨ ᠲᠥᠷᠥᠯ ᠤᠨ ᠰᠢᠯᠭᠠᠭᠤᠯᠤᠭᠰᠠᠳ ᠲᠤ | ᠰᠠᠨᠠᠭᠤᠯᠬᠤ ᠳᠠᠭᠠᠨ᠂ ᠬᠢᠵᠢᠭ ᠢ ᠰᠡᠷᠭᠡᠶᠢᠯᠡᠨ ᠬᠤᠷᠢᠬᠯᠠᠬᠤ ᠪᠠᠶᠢᠳᠠᠯ ᠪᠠ ᠬᠢᠵᠢᠭ ᠢ ᠰᠡᠷᠭᠡᠶᠢᠯᠡᠨ ᠬᠤᠷᠢᠬᠯᠠᠬᠤ ᠠᠷᠭ᠎ᠠ | ᠬᠡᠮᠵᠢᠶ᠎ᠡ ᠳᠤ ᠵᠣᠬᠢᠰᠲᠠᠶ ᠲᠣᠬᠢᠷᠠᠭᠤᠯᠤᠯᠲᠠ ᠬᠢᠬᠦ ᠶᠢ ᠨᠢᠭᠲᠠ ᠠᠩᠬᠠᠷᠴᠤ᠂ ᠣᠶᠤᠨᠴᠢ ᠪᠠᠷ ᠮᠠᠭᠠᠳᠯᠠᠵᠤ᠂ | ᠴᠦ᠋ᠦᠷᠬᠠᠯ ᠢ ᠲᠡᠪᠴᠢᠬᠦ ᠬᠡᠷᠡᠭᠲᠡᠶ᠃ ᠬᠢᠵᠢᠭ ᠰᠡᠷᠭᠡᠶᠢᠯᠡᠬᠦ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ | ᠰᠢᠯᠭᠠᠯᠲᠠ ᠶᠢᠨ ᠴᠡᠭ ᠲᠠᠢ ᠢᠳᠡᠪᠬᠢᠲᠡᠶ ᠬᠠᠮᠵᠢᠯᠴᠠᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠰᠠᠶᠢᠲᠤᠷ | ᠬᠢᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ | ᠲᠥᠪ ᠤᠨ ᠠᠯᠪᠠᠨ ᠤ ᠰᠦᠯᠵᠢᠶ᠎ᠡ ᠪᠤᠯᠬᠤ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ | ᠵᠠᠩᠭᠢ ᠶᠢᠨ ᠰᠦᠯᠵᠢᠶ᠎ᠡ︾ ᠪᠣᠯᠤᠨ ᠠᠯᠪᠠᠨ ᠤ ᠸᠢᠴᠠᠲ ᠪᠤᠯᠬᠤ ︽ᠥᠪᠥᠷ ᠮᠣᠩᠭᠤᠯ ᠤᠨ ᠰᠣᠷᠣᠭᠴᠢ ᠡᠯᠰᠡᠬᠦ | ᠰᠢᠯᠭᠠᠯᠲᠠ︾ ᠲᠠᠪᠴᠠᠩ ᠳᠤ ᠨᠡᠶᠢᠲᠡᠯᠡᠭᠰᠡᠨ ᠬᠢᠵᠢᠭ ᠢ ᠰᠡᠷᠭᠡᠶᠢᠯᠡᠨ ᠬᠤᠷᠢᠬᠯᠠᠬᠤ ᠵᠡᠷᠭᠡ ᠮᠡᠳᠡᠭᠡ ᠵᠠᠩᠭᠢ ᠶᠢ ᠨᠢᠭᠲᠠ | ᠠᠩᠬᠠᠷᠬᠤ ᠬᠡᠷᠡᠭᠲᠡᠶ ᠭᠡᠵᠦ ᠰᠠᠨᠠᠭᠤᠯᠪᠠ᠃ | ᠰᠢᠯᠭᠠᠯᠲᠠ ᠠᠴᠠ ᠡᠮᠦᠨ᠎ᠡ᠂ ᠰᠢᠯᠭᠠᠭᠤᠯᠤᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠰᠦᠯᠵᠢᠶᠡᠨ ᠲᠡᠭᠡᠷᠡᠭᠢ ᠨᠡᠷ᠎ᠡ ᠮᠡᠳᠡᠭᠦᠯᠬᠦ | ᠰᠢᠰᠲ᠋ᠧᠮ ᠳᠤ ᠤᠷᠤᠵᠤ ᠲᠠᠭᠤᠤ ᠬᠥᠭᠵᠢᠮ ᠤᠨ ᠲᠥᠷᠥᠯ ᠤᠨ ᠰᠢᠯᠭᠠᠭᠤᠯᠤᠭᠴᠢ ᠶᠢᠨ ︽ᠲᠤᠰᠬᠠᠶ ᠮᠡᠷᠭᠡᠵᠢᠯ ᠤᠨ | ᠨᠢᠭᠡᠳᠦᠯᠲᠡᠶ ᠰᠢᠯᠭᠠᠯᠲᠠ ᠶᠢᠨ ᠮᠡᠳᠡᠭᠳᠡᠯ ᠤᠨ ᠬᠠᠭᠤᠳᠠᠰᠤ ︵ᠨᠢᠭᠤᠷᠲᠠᠬᠤ ᠰᠢᠯᠭᠠᠯᠲᠠ︶︾᠂ ︽ᠡᠷᠡᠭᠦᠯ | ᠮᠡᠨᠳᠦ ᠶᠢᠨ ᠪᠠᠶᠢᠳᠠᠯ ᠤᠨ ᠠᠮᠠᠯᠠᠯᠲᠠ ᠶᠢᠨ ᠪᠢᠴᠢᠭ ︵ᠨᠢᠭᠤᠷᠲᠠᠬᠤ ᠰᠢᠯᠭᠠᠯᠲᠠ︶︾᠂ ︽ᠰᠢᠯᠭᠠᠭᠤᠯᠤᠭᠴᠢ ᠶᠢᠨ | ᠬᠢᠵᠢᠭ ᠢ ᠰᠡᠷᠭᠡᠶᠢᠯᠡᠬᠦ ᠳᠤ ᠡᠷᠬᠡᠪᠰᠢ ᠮᠡᠳᠡᠬᠦ ᠵᠦᠢᠯ ︵ᠨᠢᠭᠤᠷᠲᠠᠬᠤ ᠰᠢᠯᠭᠠᠯᠲᠠ︶︾ ᠢ ᠥᠪᠡᠰᠦᠪᠡᠨ ᠪᠠᠭᠤᠯᠭᠠᠵᠤ | ᠳᠠᠷᠤᠮᠠᠯᠯᠠᠨ᠎ᠠ᠃ ᠡᠭᠦᠨ ᠤ ᠬᠠᠮᠳᠤ ︽ᠮᠥᠩᠬᠡ ᠰᠤᠪᠠᠭ︾ APP᠂ ︽ᠦᠪᠦᠷ ᠮᠤᠩᠭᠤᠯ ᠤᠨ ᠡᠷᠡᠭᠦᠯ ᠮᠡᠨᠳᠦ︾ | APP ᠪᠠᠷ ︽ᠡᠷᠡᠭᠦᠯ ᠮᠡᠨᠳᠦ ᠶᠢᠨ ᠺᠣᠳ᠋︾ ᠢ ᠭᠤᠶᠤᠴᠢᠯᠠᠨ ᠠᠪᠴᠤ᠂ ︽ᠡᠷᠡᠭᠦᠯ ᠮᠡᠨᠳᠦ ᠶᠢᠨ ᠺᠣᠳ᠋︾ ᠤᠨ | ᠪᠠᠶᠢᠳᠠᠯ ᠢ ᠦᠷᠭᠦᠯᠵᠢᠯᠡᠨ ᠠᠩᠬᠠᠷᠬᠤ ᠬᠡᠷᠡᠭᠲᠡᠶ᠃ ᠰᠢᠯᠭᠠᠭᠤᠯᠤᠭᠰᠠᠳ ᠵᠠᠷᠴᠢᠮ ᠳᠡᠭᠡᠷ᠎ᠡ ᠪᠠᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠠᠴᠠ ᠰᠠᠯᠵᠤ ᠪᠣᠯᠬᠤ ᠥᠬᠡᠶ᠂ ᠴᠢᠬᠤᠯᠠ ᠦᠭᠡᠢ ᠭᠠᠳᠠᠭᠰᠢ ᠭᠠᠷᠬᠤ ᠪᠠ | ᠠᠵᠢᠯᠯᠠᠭ᠎ᠠ ᠶᠢ ᠪᠠᠭᠠᠰᠬᠠᠵᠤ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠠᠭᠤᠯᠵᠠᠵᠤ ᠬᠤᠭᠤᠯᠠ ᠢᠳᠡᠬᠦ ᠠᠴᠠ | ᠵᠠᠶᠢᠯᠠᠰᠬᠢᠵᠦ᠂ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢ ᠲᠠᠢ ᠪᠠ ᠲᠦᠭᠰᠢᠭᠦᠷᠢ ᠶᠡᠬᠡᠲᠡᠶ | ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠪᠠ ᠬᠢᠯᠢ ᠶᠢᠨ ᠭᠠᠳᠠᠨ᠎ᠠ ᠠᠴᠠ ᠬᠠᠷᠢᠵᠤ ᠢᠷᠡᠭᠰᠡᠨ ᠬᠥᠮᠦᠰ ᠲᠠᠢ | ᠣᠶᠢᠷᠠᠳᠬᠤ ᠠᠴᠠ ᠵᠠᠶᠢᠯᠠᠰᠬᠢᠬᠦ ᠬᠡᠷᠡᠭᠲᠡᠶ᠃ | ᠰᠢᠯᠭᠠᠭᠤᠯᠤᠭᠰᠠᠳ 2021 ᠣᠨ ᠤ 1 ᠰᠠᠷ᠎ᠠ ᠶᠢᠨ 10 ᠤ ᠡᠳᠦᠷ ᠠᠴᠠ ᠲᠠᠭᠤᠤ ᠬᠥᠭᠵᠢᠮ ᠤᠨ | ᠲᠥᠷᠥᠯ ᠤᠨ ᠨᠢᠭᠡᠳᠦᠯᠲᠡᠶ ᠰᠢᠯᠭᠠᠯᠲᠠ ᠶᠢᠨ ᠨᠢᠭᠤᠷᠲᠠᠬᠤ ᠰᠢᠯᠭᠠᠯᠲᠠ ᠬᠢᠭᠦ ᠠᠴᠠ ᠡᠮᠦᠨᠡᠬᠢ ᠨᠢᠭᠡ ᠡᠳᠦᠷ ᠪᠤᠯᠳᠠᠯᠠᠭᠢ | ᠡᠳᠦᠷ ᠪᠦᠷᠢ ᠶᠢᠨ ᠪᠡᠶ᠎ᠡ ᠶᠢᠨ ᠳᠤᠯᠠᠭᠠᠨ ᠢ ᠬᠡᠮᠵᠢᠬᠦ᠂ ᠲᠡᠮᠳᠡᠭᠯᠡᠬᠦ ᠪᠠ ᠡᠷᠡᠭᠦᠯ ᠮᠡᠨᠳᠦ ᠶᠢᠨ ᠪᠠᠶᠢᠳᠠᠯ ᠢ ᠬᠢᠨᠠᠨ ᠬᠡᠮᠵᠢᠬᠦ | ᠠᠵᠢᠯ ᠢ ᠬᠢᠨᠠᠮᠠᠭᠠᠶ ᠰᠠᠶᠢᠲᠤᠷ ᠬᠢᠬᠦ ᠶᠢᠨ ᠬᠠᠮᠲᠤ ︽ᠡᠷᠡᠭᠦᠯ ᠮᠡᠨᠳᠦ ᠶᠢᠨ ᠪᠠᠶᠢᠳᠠᠯ ᠤᠨ ᠠᠮᠠᠯᠠᠯᠲᠠ ᠶᠢᠨ ᠪᠢᠴᠢᠭ ︵ | ᠨᠢᠭᠤᠷᠲᠠᠬᠤ ᠰᠢᠯᠭᠠᠯᠲᠠ︶︾ ᠳᠡᠭᠡᠷ᠎ᠡ ᠦᠨᠡᠨ ᠮᠥᠨ ᠢᠶᠠᠷ ᠨᠢ ᠲᠠᠭᠯᠠᠬᠤ ᠬᠡᠷᠡᠭᠲᠡᠶ᠃ ᠪᠡᠶ᠎ᠡ ᠮᠠᠬᠠᠪᠣᠳ ᠲᠤ | ᠬᠡᠪ ᠤᠨ ᠪᠤᠰᠤ ᠪᠠᠶᠢᠳᠠᠯ ᠭᠠᠷᠬᠤ ᠪᠤᠶᠤ ᠬᠢᠨᠠᠨ ᠬᠡᠮᠵᠢᠬᠦ ᠳᠤ ᠬᠡᠪ ᠤᠨ ᠪᠤᠰᠤ ᠪᠠᠶᠢᠳᠠᠯ ᠭᠠᠷᠪᠠᠯ᠂ ᠴᠠᠭ ᠲᠤᠬᠠᠶ ᠳᠤᠨᠢ | ᠡᠮᠨᠡᠭᠦᠯᠦᠨ ᠮᠡᠳᠡᠭᠦᠯᠬᠦ ᠶᠢᠨ ᠬᠠᠮᠲᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠪᠡᠳᠴᠢᠨ | ᠡᠮᠭᠡᠭ ᠢ ᠰᠡᠷᠭᠡᠶᠢᠯᠡᠨ ᠬᠤᠷᠢᠬᠯᠠᠬᠤ ᠪᠠᠶᠢᠭᠤᠯᠤᠮᠵᠢ ᠪᠣᠯᠤᠨ ᠡᠮᠴᠢᠯᠡᠭᠡᠨ ᠤ ᠪᠠᠶᠢᠭᠤᠯᠤᠮᠵᠢ ᠵᠡᠷᠭᠡ ᠪᠠᠷ ᠲᠤᠰᠬᠠᠶ | ᠦᠨᠡᠯᠡᠨ ᠵᠢᠱᠢᠯᠲᠡ ᠬᠢᠯᠭᠡᠬᠦ ᠬᠡᠷᠡᠭᠲᠡᠶ᠃ | ᠣᠳᠣᠬᠠᠨ ᠳᠤ ᠮᠥᠨ ᠬᠦ ᠬᠢᠵᠢᠭ ᠤᠨ ᠲᠦᠭᠰᠢᠭᠦᠷᠢ ᠪᠠᠭᠠᠳᠠᠢ ᠪᠤᠰᠤ ᠭᠠᠵᠠᠷ ᠣᠷᠣᠨ ᠳᠤ ᠪᠠᠶᠢᠭ᠎ᠠ | ᠰᠢᠯᠭᠠᠭᠤᠯᠤᠭᠴᠢ ᠡᠷᠬᠡᠪᠰᠢ ᠰᠢᠯᠭᠠᠯᠲᠠ ᠶᠢᠨ ᠴᠡᠭ ᠤᠨ ᠪᠠᠶᠢᠭ᠎ᠠ ᠠᠶᠢᠮᠠᠭ ᠬᠤᠲᠠ ᠳᠤ ᠤᠷᠢᠳᠴᠢᠯᠠᠨ ᠪᠤᠴᠠᠵᠤ᠂ | ᠪᠤᠴᠠᠵᠤ ᠢᠷᠡᠭᠰᠡᠨ ᠤ ᠳᠠᠷᠠᠭ᠎ᠠ ᠡᠷᠬᠡᠪᠰᠢ ᠬᠢᠵᠢᠭ ᠢ ᠰᠡᠷᠭᠡᠶᠢᠯᠡᠨ ᠬᠤᠷᠢᠬᠯᠠᠬᠤ ᠱᠠᠭᠠᠷᠳᠠᠯᠭ᠎ᠠ ᠶᠣᠰᠣᠭᠠᠷ ᠲᠤᠬᠠᠶ ᠶᠢᠨ | ᠭᠠᠵᠠᠷ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ | ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ ᠲᠤᠬᠠᠶ ᠶᠢᠨ ᠭᠠᠵᠠᠷ ᠤᠨ ᠬᠢᠵᠢᠭ ᠢ ᠰᠡᠷᠭᠡᠶᠢᠯᠡᠨ ᠬᠤᠷᠢᠬᠯᠠᠬᠤ | ᠱᠠᠭᠠᠷᠳᠠᠯᠭ᠎ᠠ ᠶᠣᠰᠣᠭᠠᠷ ᠰᠠᠯᠭᠠᠨ ᠲᠤᠰᠠᠭᠠᠷᠯᠠᠬᠤ᠂ ᠰᠢᠯᠭᠠᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ | ᠃ | http://mongol.people.com.cn/15835129.html |