ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ ᠸᠠᠩ ᠵᠥᠩ ᠵᠧᠤ︶ | ᠠᠨᠠᠭᠠᠬᠤ ᠤᠬᠠᠭᠠᠨ ᠤ ᠰᠤᠷᠭᠠᠨ ᠬᠥᠮᠦᠵᠢᠯ ᠢ ᠤᠯᠠᠮ ᠨᠢᠭᠡ ᠠᠯᠬᠤᠮ ᠰᠠᠶᠢᠲᠤᠷ ᠡᠷᠭᠢᠯᠡᠵᠦ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠨᠠᠭᠠᠬᠤ ᠤᠬᠠᠭᠠᠨ ᠤ ᠰᠤᠷᠭᠠᠨ ᠬᠥᠮᠦᠵᠢᠯ ᠳᠤ ᠣᠷᠣᠰᠢᠵᠤ ᠪᠠᠶᠢᠭ᠎ᠠ | ᠴᠢᠳᠠᠪᠤᠷᠢᠲᠠᠨ ᠬᠥᠮᠦᠵᠢᠭᠦᠯᠬᠦ ᠪᠦᠲᠦᠴᠡ ᠶᠢ ᠮᠦᠨ ᠬᠦ ᠰᠢᠯᠢᠳᠡᠭᠵᠢᠭᠦᠯᠬᠦ ᠴᠢᠬᠤᠯᠠᠲᠠᠶ ᠪᠠᠶᠢᠬᠤ᠂ ᠴᠢᠳᠠᠪᠤᠷᠢᠲᠠᠨ | ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠶ ᠪᠠᠶᠢᠬᠤ᠂ ᠡᠮ ᠡᠮᠨᠡᠯᠭᠡ ᠶᠢᠨ ᠰᠢᠨ᠎ᠡ ᠶᠢ ᠡᠭᠦᠳᠬᠦ | ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠬᠤ ᠵᠡᠷᠭᠡ ᠪᠠᠶᠢᠳᠠᠯ ᠢ ᠦᠨᠳᠦᠰᠦᠯᠡᠨ᠂ ᠮᠠᠨ ᠤ ᠣᠷᠣᠨ ︽ | ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠲᠦᠷᠭᠡᠳᠬᠡᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ︾ ᠢ ᠨᠡᠶᠢᠲᠡᠯᠡᠪᠡ᠃ | ᠲᠥᠰᠦᠯ ᠤᠨ ᠱᠠᠭᠠᠷᠳᠠᠯᠭ᠎ᠠ ᠶᠣᠰᠣᠭᠠᠷ᠂ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ | ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ ᠲᠤᠰᠬᠠᠶ ᠮᠡᠷᠭᠡᠵᠢᠯ ᠤᠨ | ᠪᠦᠲᠦᠴᠡ ᠶᠢ ᠨᠠᠩ ᠰᠢᠯᠢᠳᠡᠭᠵᠢᠭᠦᠯᠵᠦ᠂ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠨᠠᠩ ᠰᠢᠨᠵᠢᠯᠡᠬᠦ | ᠤᠬᠠᠭᠠᠨᠴᠢ ᠥᠨᠳᠥᠷ ᠪᠦᠲᠦᠮᠵᠢᠲᠡᠶ ᠪᠣᠯᠭᠠᠨ᠎ᠠ︔ ᠠᠨᠠᠭᠠᠬᠤ ᠤᠬᠠᠭᠠᠨ ᠬᠢᠭᠡᠳ ᠣᠯᠠᠨ ᠰᠢᠨᠵᠢᠯᠡᠭᠡᠨ ᠤ ᠰᠠᠯᠠᠭ᠎ᠠ ᠶᠢ | ᠭᠦᠨᠵᠡᠭᠡᠶ ᠰᠣᠯᠪᠢᠴᠠᠭᠤᠯᠤᠨ ᠠᠭᠤᠰᠤᠯᠴᠠᠭᠤᠯᠵᠤ᠂ ᠥᠨᠳᠥᠷ ᠬᠢᠷᠢ ᠲᠦᠪᠰᠢᠨ ᠪᠥᠬᠦᠶ ᠠᠨᠠᠭᠠᠬᠤ ᠤᠬᠠᠭᠠᠨ ᠤ | ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠬᠥᠮᠦᠵᠢᠭᠦᠯᠬᠦ ᠶᠠᠰᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ᠠᠨᠠᠭᠠᠬᠤ ᠤᠬᠠᠭᠠᠨ ᠤ ᠴᠢᠳᠠᠪᠤᠷᠢᠲᠠᠨ ᠢ ᠬᠡᠷᠡᠭᠯᠡᠵᠦ ᠤᠷᠮᠠᠰᠢᠭᠤᠯᠬᠤ | ᠲᠣᠭᠲᠠᠴᠠ ᠶᠢ ᠨᠠᠩ ᠪᠦᠷᠢᠨᠰᠢᠬᠦᠯᠤᠨ᠎ᠠ᠃ 2030 ᠣᠨ ᠪᠤᠯᠬᠤ ᠳᠤ᠂ ᠪᠠᠷᠢᠮᠵᠢᠶᠠᠵᠢᠭᠰᠠᠨ᠂ ᠵᠢᠷᠤᠮᠵᠢᠭᠰᠠᠨ᠂ | ᠥᠪᠥᠷ ᠮᠣᠩᠭᠤᠯ ᠤᠨ ᠣᠨᠴᠠᠯᠢᠭ ᠲᠠᠢ ᠠᠨᠠᠭᠠᠬᠤ ᠤᠬᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ | ᠪᠠᠶᠢᠭᠤᠯᠵᠤ᠂ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠢᠯᠡᠳᠲᠡ ᠳᠡᠭᠡᠭᠰᠢᠯᠡᠭᠦᠯᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠲᠤ ᠦᠢᠯᠡᠴᠢᠯᠡᠬᠦ ᠴᠢᠳᠠᠪᠤᠷᠢ ᠶᠢ | ᠢᠯᠡᠳᠲᠡ ᠴᠢᠩᠭᠠᠷᠠᠭᠤᠯᠤᠨ᠎ᠠ᠃ | ᠲᠥᠰᠦᠯ ᠳᠤ᠂ 2020 ᠣᠨ ᠠᠴᠠ ᠬᠤᠶᠢᠰᠢ ᠮᠠᠨ ᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠷᠢᠶ᠎ᠠ ᠳᠤᠮᠳᠠ ᠵᠡᠷᠭᠡ ᠶᠢᠨ ᠲᠤᠰᠬᠠᠶ | ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠳᠤ ᠬᠥᠳᠡᠭᠡ ᠲᠣᠰᠬᠤᠨ ᠤ ᠠᠨᠠᠭᠠᠬᠤ ᠤᠬᠠᠭᠠᠨ᠂ ᠬᠢᠲᠠᠳ ᠡᠮᠨᠡᠯᠭᠡ ᠶᠢᠨ | ᠲᠤᠰᠬᠠᠶ ᠮᠡᠷᠭᠡᠵᠢᠯ ᠢ ᠨᠡᠮᠡᠵᠦ ᠲᠣᠬᠢᠷᠠᠭᠤᠯᠬᠤ ᠥᠬᠡᠶ᠂ ᠪᠥᠬᠦ ᠣᠷᠣᠨ ᠳᠤ ᠬᠡᠰᠡᠭ ᠬᠥᠳᠡᠭᠡ ᠲᠣᠰᠬᠤᠨ ᠤ ᠠᠨᠠᠭᠠᠬᠤ | ᠤᠬᠠᠭᠠᠨ᠂ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯ ᠤᠨ ᠴᠡᠭ ᠢ ᠦᠯᠡᠳᠡᠭᠡᠬᠦ ᠶᠢᠨ ᠬᠠᠮᠲᠤ ᠬᠡᠪᠴᠢᠶ᠎ᠡ ᠶᠢ ᠨᠢ ᠵᠢᠯ | ᠳᠠᠷᠠᠭᠠᠯᠠᠨ ᠪᠠᠭᠠᠰᠬᠠᠨ᠎ᠠ᠃ 2026 ᠣᠨ ᠪᠣᠯᠬᠤ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠥᠳᠡᠭᠡ ᠲᠣᠰᠬᠤᠨ ᠤ ᠠᠨᠠᠭᠠᠬᠤ ᠤᠬᠠᠭᠠᠨ᠂ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯ ᠤᠨ | ᠴᠡᠭ ᠤᠨ ᠰᠣᠷᠣᠭᠴᠢ ᠡᠯᠰᠡᠬᠦ ᠶᠢ ᠪᠦᠬᠦᠨ ᠢ ᠵᠣᠭᠰᠣᠭᠠᠵᠤ᠂ ᠤᠤᠯ ᠤᠨ ᠡᠯᠰᠡᠭᠰᠡᠨ ᠰᠣᠷᠣᠭᠴᠢ ᠶᠢ ᠰᠣᠷᠣᠭᠴᠢ | ᠡᠯᠰᠡᠬᠦ ᠲᠤᠰᠬᠠᠶ ᠮᠡᠷᠭᠡᠵᠢᠯ ᠪᠠ ᠲᠥᠯᠥᠪᠯᠡᠭᠡ ᠶᠣᠰᠣᠭᠠᠷ ᠲᠡᠭᠦᠰᠬᠦ ᠪᠣᠯᠲᠠᠯ᠎ᠠ ᠬᠥᠮᠦᠵᠢᠭᠦᠯᠦᠨ᠎ᠡ᠃ ᠳᠡᠭᠡᠳᠦ | ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ ᠤᠨ ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ ᠤᠨ | ᠲᠤᠰᠬᠠᠶ ᠮᠡᠷᠭᠡᠵᠢᠯ ᠤᠨ ᠰᠣᠷᠣᠭᠴᠢ ᠡᠯᠰᠡᠬᠦ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠲᠠᠰ ᠳᠠᠪᠬᠤᠷᠭ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠬᠢᠶᠠᠯᠠᠭᠠᠲᠤ ᠬᠠᠨᠳᠤᠯᠭ᠎ᠠ ᠲᠠᠢ ᠰᠦᠢᠳᠬᠡᠯ | ᠬᠤᠷᠢᠶᠠᠬᠤ ᠥᠬᠡᠶ ᠠᠨᠠᠭᠠᠬᠤ ᠤᠬᠠᠭᠠᠨ ᠤ ᠰᠣᠷᠣᠭᠴᠢ ᠶᠢ ᠭᠤᠤᠯᠳᠠᠯᠭ᠎ᠠ ᠲᠠᠢ ᠬᠥᠮᠦᠵᠢᠭᠦᠯᠦᠨ᠎ᠡ᠃ ᠣᠲᠣ ᠶᠢᠨ | ᠪᠠᠶᠢᠭ᠎ᠠ ᠵᠢᠩᠬᠢᠨᠢ ᠠᠩᠭᠢ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠤᠨ ᠳᠠᠪᠠᠭᠤᠯᠢᠭ ᠢ | ᠰᠠᠶᠢᠲᠤᠷ ᠪᠠᠳᠠᠷᠠᠭᠤᠯᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠪᠢᠯᠠᠯᠲᠠ ᠶᠢᠨ ᠲᠤᠰᠬᠠᠶ ᠮᠡᠷᠭᠡᠵᠢᠯ ᠤᠨ | ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠰᠤᠪᠢᠯᠠᠯᠲᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ | ᠬᠠᠩᠭᠠᠯᠭ᠎ᠠ ᠶᠢ ᠨᠡᠮᠡᠭᠳᠡᠭᠦᠯᠵᠦ᠂ ᠰᠤᠪᠢᠯᠠᠯᠲᠠ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠡᠷᠡᠭᠦᠯᠵᠢᠭᠦᠯᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠡᠷᠡᠭᠦᠯᠵᠢᠭᠦᠯᠬᠦ ᠠᠨᠠᠭᠠᠬᠤ ᠤᠬᠠᠭᠠᠨ᠂ ᠡᠷᠡᠭᠦᠯᠵᠢᠭᠦᠯᠬᠦ ᠡᠮᠴᠢᠯᠡᠭᠡ ᠵᠡᠷᠭᠡ ᠬᠠᠮᠢᠶ᠎ᠠ ᠪᠥᠬᠦᠶ ᠵᠢᠭᠠᠨ ᠰᠤᠷᠭᠠᠯᠲᠠ ᠶᠢᠨ | ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠬᠦ ᠶᠢ ᠲᠦᠷᠭᠡᠳᠬᠡᠵᠦ᠂ ᠣᠯᠠᠨ ᠲᠦᠮᠡᠨ ᠪᠠ ᠨᠡᠶᠢᠭᠡᠮ ᠤᠨ ᠬᠡᠷᠡᠭᠴᠡᠭᠡ | ᠱᠠᠭᠠᠷᠳᠠᠯᠭ᠎ᠠ ᠲᠠᠢ ᠵᠣᠯᠭᠠᠭᠤᠯᠬᠤ ᠬᠡᠷᠡᠭᠲᠡᠶ᠃ ᠵᠢᠩᠬᠢᠨᠢ ᠠᠩᠭᠢ ᠶᠢᠨ ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ | ᠂ ᠬᠢᠲᠠᠳ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠰᠤᠷᠭᠠᠨ ᠬᠥᠮᠦᠵᠢᠯ ᠢ ᠯᠠᠪᠳᠠᠭᠤᠨ ᠢᠶᠠᠷ | ᠬᠥᠭᠵᠢᠭᠦᠯᠦᠨ᠎ᠡ᠃ ᠠᠰᠫᠢᠷᠠᠨᠲ ᠡᠯᠰᠡᠬᠦ ᠬᠡᠪᠴᠢᠶ᠎ᠡ ᠶᠢ ᠵᠣᠬᠢᠰᠲᠠᠶ ᠥᠷᠭᠡᠳᠬᠡᠵᠦ᠂ ᠠᠰᠫᠢᠷᠠᠨᠲ ᠡᠯᠰᠡᠬᠦ | ᠪᠦᠲᠦᠴᠡ ᠳᠤ ᠲᠣᠬᠢᠷᠠᠭᠤᠯᠤᠯᠲᠠ ᠬᠢᠵᠦ᠂ ᠰᠢᠨ᠎ᠡ ᠪᠠᠷ ᠨᠡᠮᠡᠭᠳᠡᠭᠦᠯᠬᠦ ᠰᠣᠷᠣᠭᠴᠢ ᠡᠯᠰᠡᠬᠦ ᠲᠥᠯᠥᠪᠯᠡᠭᠡ ᠶᠢ ᠠᠨᠠᠭᠠᠬᠤ | ᠤᠬᠠᠭᠠᠨ ᠤ ᠪᠠᠴᠢᠮ ᠴᠢᠳᠠᠪᠤᠷᠢᠲᠠᠨ ᠳᠠᠰᠢ ᠭᠤᠤᠯᠳᠠᠯᠭ᠎ᠠ ᠲᠠᠢ ᠬᠡᠯᠪᠡᠶᠢᠯᠭᠡᠭᠦ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠶᠡᠭᠡ ᠲᠡᠭᠡᠲᠦ ᠰᠤᠷᠭᠠᠭᠤᠯᠢ ᠶᠢᠨ ᠳ᠋ᠣᠺᠲ᠋ᠣᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ᠂ | ᠢᠯᠠᠩᠭᠤᠶ᠎ᠠ ᠳᠤᠲᠠᠭᠳᠠᠵᠤ ᠪᠠᠶᠢᠭ᠎ᠠ ᠠᠨᠠᠭᠠᠬᠤ ᠤᠬᠠᠭᠠᠨ ᠤ ᠲᠥᠷᠥᠯ ᠤᠨ ᠳ᠋ᠣᠺᠲ᠋ᠣᠷ ᠤᠨ ᠡᠷᠳᠡᠮ ᠤᠨ ᠴᠣᠯᠠ ᠶᠢᠨ | ᠡᠷᠬᠡ ᠣᠯᠭᠤᠬᠤ ᠴᠡᠭ ᠪᠠᠶᠢᠭᠤᠯᠬᠤ ᠶᠢ ᠳᠡᠮᠵᠢᠵᠦ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ | ᠬᠥᠮᠦᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | http://mongol.people.com.cn/15835133.html |