ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠡᠮᠴᠢᠯᠡᠭᠡᠨ ᠤ ᠪᠠᠶᠢᠭᠤᠯᠤᠮᠵᠢ ᠪᠠ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠡᠮ ᠡᠮᠨᠡᠯᠭᠡ ᠶᠢᠨ ᠳᠠᠭᠠᠳᠬᠠᠯ ᠤᠨ ᠴᠡᠭ ᠢᠶᠠᠷ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2021/1/14
      ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 12 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠫᠧᠩ ᠶᠦᠨ ᠵᠢᠶᠠ︶ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 11 ᠤ ᠡᠳᠦᠷ ︽ᠡᠮᠴᠢᠯᠡᠭᠡᠨ ᠤ ᠪᠠᠶᠢᠭᠤᠯᠤᠮᠵᠢ ᠶᠢ ᠡᠮ ᠡᠮᠨᠡᠯᠭᠡ ᠶᠢᠨ ᠳᠠᠭᠠᠳᠬᠠᠯ ᠤᠨ ᠴᠡᠭ ᠢᠶᠠᠷ ᠲᠤᠬᠳᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠪᠠ ︽ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠡᠮ ᠡᠮᠨᠡᠯᠭᠡ ᠶᠢᠨ ᠳᠠᠭᠠᠳᠬᠠᠯ ᠤᠨ ᠴᠡᠭ ᠢᠶᠠᠷ ᠲᠣᠭᠲᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠵᠦ᠂ ᠨᠥᠬᠦᠴᠡᠯ ᠳᠤ ᠨᠡᠶᠢᠴᠡᠬᠦ ᠡᠮᠴᠢᠯᠡᠭᠡᠨ ᠤ ᠪᠠᠶᠢᠭᠤᠯᠤᠮᠵᠢ ᠪᠠ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠡᠮ ᠡᠮᠨᠡᠯᠭᠡ ᠶᠢᠨ ᠳᠠᠭᠠᠳᠬᠠᠯ ᠤᠨ ᠵᠦᠪᠳᠡᠯᠴᠡᠭᠡᠷ ᠲᠤᠬᠳᠠᠬᠤ ᠪᠠᠷ ᠲᠡᠮᠵᠢᠨ ᠡᠮ ᠡᠮᠨᠡᠯᠭᠡ ᠶᠢᠨ ᠳᠠᠭᠠᠳᠬᠠᠯ ᠤᠨ ᠴᠡᠭ ᠤᠨ ᠬᠠᠮᠢᠶᠠᠷᠤᠯᠲᠠ ᠳᠤ  ᠤᠷᠤᠵᠤ ᠪᠣᠯᠬᠤ ᠪᠥᠭᠡᠳ ᠵᠦᠪᠳᠡᠯᠴᠡᠭᠡᠷ ᠲᠤᠬᠳᠠᠬᠤ ᠦᠨᠳᠦᠰᠦᠨ ᠨᠥᠬᠦᠴᠡᠯ ᠪᠠ ᠶᠠᠪᠤᠴᠠ ᠶᠢ ᠲᠣᠳᠣᠷᠬᠠᠶ ᠲᠣᠭᠲᠠᠭᠠᠵᠠᠶ᠃      ᠬᠤᠶᠠᠷ ᠪᠢᠴᠢᠭ ᠮᠠᠲ᠋ᠧᠷᠢᠶᠠᠯ ᠳᠤ᠂ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠭᠢᠯᠡᠬᠦ ᠵᠥᠪᠰᠢᠶᠡᠷᠡᠯ ᠤᠨ ᠦᠨᠡᠮᠯᠡᠯ ᠪᠤᠶᠤ ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ ᠤᠨ ᠳᠠᠩᠰᠠᠯᠠᠭᠤᠯᠤᠭᠰᠠᠨ ᠦᠨᠡᠮᠯᠡᠯ ᠲᠠᠢ ᠡᠮᠴᠢᠯᠡᠭᠡᠨ ᠤ ᠪᠠᠶᠢᠭᠤᠯᠤᠮᠵᠢ ᠵᠢᠴᠢ ᠴᠡᠷᠢᠭ ᠠᠩᠭᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ  ᠵᠦᠪᠰᠢᠶᠡᠷᠡᠭᠦᠯᠦᠭᠰᠡᠨ ᠠᠷᠠᠳ ᠲᠦᠮᠡᠨ ᠳᠤ ᠦᠢᠯᠡᠴᠢᠯᠡᠬᠦ ᠬᠢᠷᠢ ᠬᠡᠮ ᠲᠠᠢ ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠨᠢ ᠡᠮ ᠡᠮᠨᠡᠯᠭᠡ ᠶᠢᠨ ᠳᠠᠭᠠᠳᠬᠠᠯ ᠤᠨ ᠴᠡᠭ ᠲᠤ ᠤᠷᠤᠬᠤ ᠪᠠᠷ ᠭᠤᠶᠤᠴᠢᠯᠠᠯ ᠭᠠᠷᠭᠠᠵᠤ ᠪᠣᠯᠤᠨ᠎ᠠ ᠭᠡᠵᠦ ᠲᠣᠭᠲᠠᠭᠠᠵᠠᠶ᠃ ᠲᠡᠷᠡᠴᠢᠯᠡᠨ ᠡᠮ ᠡᠮᠨᠡᠯᠭᠡ ᠶᠢᠨ ᠳᠠᠭᠠᠳᠬᠠᠯ ᠤᠨ ᠴᠡᠭ ᠲᠤ ᠣᠷᠣᠬᠤ ᠪᠠᠷ   ᠭᠤᠶᠤᠴᠢᠯᠠᠬᠰᠠᠨ ᠠᠯᠢᠪᠠ ᠡᠮᠴᠢᠯᠡᠭᠡᠨ ᠤ ᠪᠠᠶᠢᠭᠤᠯᠤᠮᠵᠢ ᠪᠠ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ  ᠠᠵᠢᠯᠯᠠᠬᠤ ᠴᠠᠭ  ᠢᠶᠠᠨ 3 ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠥᠬᠡᠶ ᠪᠥᠭᠡᠳ ᠡᠵᠡᠩᠨᠡᠯᠲᠡ ᠶᠢᠨ ᠵᠥᠪᠰᠢᠶᠡᠷᠡᠯ ᠤᠨ ᠵᠣᠬᠢᠬᠤ ᠬᠢᠷᠢ ᠬᠡᠮ ᠲᠠᠢ᠂ ᠦᠢᠯᠡᠴᠢᠯᠡᠭᠡ ᠬᠠᠩᠭᠠᠬᠤ ᠠᠵᠢᠯᠲᠠᠨ ᠪᠠᠶᠢᠬᠤ ᠵᠡᠷᠭᠡ ᠦᠨᠳᠦᠰᠦᠨ ᠨᠥᠬᠦᠴᠡᠯ ᠢ ᠪᠦᠷᠢᠯᠳᠦᠭᠦᠯᠬᠦ ᠬᠡᠷᠡᠭᠳᠡᠢ᠃ ᠡᠮᠨᠡᠯᠭᠡ ᠶᠢᠨ ᠳᠠᠭᠠᠳᠬᠠᠯ ᠤᠨ ᠡᠷᠬᠢᠯᠡᠨ ᠭᠦᠢᠴᠡᠳᠬᠡᠬᠦ ᠪᠠᠶᠢᠭᠤᠯᠤᠮᠵᠢ ᠶᠢᠨ ᠦᠨᠡᠯᠡᠨ ᠵᠢᠱᠢᠯᠳᠡ ᠬᠢᠬᠦ ᠴᠠᠭ ᠨᠢ 3 ᠰᠠᠷ᠎ᠠ ᠠᠴᠠ ᠬᠡᠳᠦᠷᠡᠵᠦ ᠪᠣᠯᠬᠤ ᠦᠭᠡᠶ ᠭᠡᠵᠦ ᠲᠣᠭᠲᠠᠭᠠᠵᠠᠶ  ᠃      ᠬᠤᠶᠠᠷ ᠬᠤᠪᠢ ᠪᠢᠴᠢᠭ ᠮᠠᠲ᠋ᠧᠷᠢᠶᠠᠯ ᠳᠤ  ᠡᠮ ᠡᠮᠨᠡᠯᠭᠡ ᠶᠢᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠮ ᠡᠮᠨᠡᠯᠭᠡ ᠶᠢᠨ ᠳᠠᠭᠠᠳᠬᠠᠯ ᠢ ᠭᠠᠷᠲᠠᠨ ᠬᠦᠢᠴᠡᠳᠭᠡᠬᠦ ᠪᠠᠶᠢᠭᠤᠯᠤᠮᠵᠢ ᠪᠠ ᠴᠡᠭ ᠢᠶᠠᠷ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ ᠴᠡᠭ ᠢᠶᠠᠷ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠤᠭᠤᠷᠣᠨᠳᠣᠬᠢ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠶᠢᠯᠠᠪᠠ᠃ ᠡᠮ ᠡᠮᠨᠡᠯᠭᠡ ᠶᠢᠨ  ᠳᠠᠭᠠᠳᠬᠠᠯ ᠢ ᠭᠠᠷᠲᠠᠨ ᠬᠦᠢᠴᠡᠳᠭᠡᠬᠦ ᠪᠠᠶᠢᠭᠤᠯᠤᠮᠵᠢ ᠪᠠ ᠡᠮᠴᠢᠯᠡᠭᠡᠨ ᠤ ᠪᠠᠶᠢᠭᠤᠯᠤᠮᠵᠢ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠪᠣᠯ ᠵᠥᠪᠯᠡᠯᠴᠡᠭᠡᠷ ᠤᠨ ᠭᠤᠤᠯ ᠴᠣᠭᠴᠠ ᠪᠣᠯᠤᠨ᠎ᠠ᠂ ᠡᠮ ᠡᠮᠨᠡᠯᠭᠡ ᠶᠢᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠴᠡᠭ ᠲᠤ ᠤᠷᠤᠬᠤ ᠪᠠᠷ ᠭᠤᠶᠤᠴᠢᠯᠠᠬᠤ᠂ ᠲᠤᠰᠬᠠᠶ ᠦᠨᠡᠯᠡᠨ  ᠵᠢᠱᠢᠯᠳᠠ ᠬᠢᠬᠦ᠂ ᠵᠥᠪᠳᠡᠯᠴᠡᠬᠡᠷ ᠲᠤᠬᠳᠠᠬᠤ᠂ ᠵᠥᠪᠳᠡᠯᠴᠡᠬᠡᠷ ᠢ ᠬᠦᠢᠴᠡᠳᠭᠡᠬᠦ ᠪᠠ ᠬᠦᠴᠦᠨ ᠥᠬᠡᠶ ᠪᠣᠯᠭᠠᠬᠤ ᠵᠡᠷᠭᠡ ᠴᠤᠪᠤᠷᠠᠯ ᠳᠤ ᠬᠢᠨᠠᠯᠲᠠ ᠲᠠᠯᠪᠢᠨ᠎ᠠ ᠬᠡᠪᠡ᠃      ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠴᠡᠭ ᠲᠤ ᠤᠷᠤᠭᠤᠯᠤᠨ ᠬᠠᠮᠢᠶᠠᠷᠬᠤ ᠠᠰᠠᠭᠤᠳᠠᠯ ᠤᠨ ᠲᠤᠬᠠᠶ ᠪᠢᠴᠢᠭ ᠮᠠᠲ᠋ᠧᠷᠢᠶᠠᠯ ᠳᠤ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠨᠢ ᠲᠡᠭᠦᠨ ᠤ ᠲᠤᠬᠳᠠᠬᠰᠠᠨ ᠴᠡᠭ ᠪᠤᠯᠬᠤ ᠪᠣᠳᠠᠲᠤ ᠴᠤᠬᠴᠠᠳᠤ ᠡᠮᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ ᠨᠥᠬᠦᠪᠥᠷᠢ ᠵᠥᠪᠯᠡᠯᠴᠡᠭᠡᠷ ᠲᠣᠭᠲᠠᠵᠤ ᠪᠣᠯᠤᠨ᠎ᠠ᠂ ᠲᠡᠭᠦᠨ ᠤ ᠦᠢᠯᠡᠴᠢᠯᠡᠭᠡ ᠬᠠᠩᠭᠠᠭᠰᠠᠨ ᠠᠴᠠ ᠪᠣᠯᠵᠣ ᠲᠣᠭᠲᠠᠭᠠᠯ ᠳᠤ ᠨᠡᠶᠢᠴᠡᠬᠦ ᠬᠠᠮᠢᠶ᠎ᠠ ᠪᠥᠬᠦᠶ ᠵᠠᠷᠤᠳᠠᠯ ᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠬᠦᠢᠴᠡᠳᠭᠡᠬᠦ ᠪᠠᠶᠢᠭᠤᠯᠤᠮᠵᠢ ᠠᠴᠠ ᠴᠡᠭ  ᠪᠤᠯᠬᠤ ᠡᠮᠴᠢᠯᠡᠭᠡᠨ ᠤ ᠪᠠᠶᠢᠭᠤᠯᠤᠮᠵᠢ ᠯᠤᠭ᠎ᠠ ᠲᠡᠰᠦᠯᠦᠨ ᠪᠤᠳᠤᠨ᠎ᠠ  ᠬᠡᠵᠦ ᠲᠤᠷᠠᠳᠴᠡᠢ᠃      ᠠᠩᠬᠠᠷᠤᠭᠤᠰᠢᠲᠠᠶ ᠨᠢ᠂ ᠣᠯᠠᠨ ᠨᠡᠶᠢᠲᠡ ᠶᠢᠨ ᠠᠩᠬᠠᠷᠴᠤ ᠪᠠᠶᠢᠭ᠎ᠠ ︽ᠡᠮᠨᠡᠯᠭᠡ ᠶᠢᠨ ᠵᠣᠷ ᠤᠨ ᠡᠮ ᠨᠢ ᠰᠦᠯᠵᠢᠶᠡᠨ ᠳᠡᠭᠡᠷ᠎ᠡ ᠬᠤᠳᠠᠯᠳᠤᠬᠤ ᠵᠣᠷ ᠤᠨ ᠡᠮ ᠲᠠᠢ ᠠᠳᠠᠯᠢ ᠡᠰᠡᠬᠦ︾ ᠶᠢᠨ ᠠᠰᠠᠭᠤᠳᠠᠯ ᠳᠤ ᠴᠢᠭᠯᠡᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠣᠳᠣᠷᠬᠠᠶ ᠬᠠᠷᠢᠭᠤᠯᠲᠠ ᠥᠭᠴᠡᠶ᠄  ᠡᠮᠨᠡᠯᠭᠡ ᠶᠢᠨ ᠵᠣᠷ ᠤᠨ ᠡᠮ ᠨᠢ ᠰᠦᠯᠵᠢᠶᠡᠨ ᠳᠡᠭᠡᠷ᠎ᠡ ᠬᠤᠳᠠᠯᠳᠤᠬᠤ ᠵᠣᠷ ᠤᠨ ᠡᠮ ᠲᠠᠢ ᠠᠳᠠᠯᠢ ᠦᠭᠡᠶ ᠂ ᠣᠳᠣᠬᠠᠨ ᠳᠤ ︽ᠲᠦᠷ ᠬᠡᠷᠡᠭᠵᠢᠭᠦᠯᠬᠦ ᠠᠷᠭ᠎ᠠ︾ ᠳᠤ ᠲᠤᠬᠳᠠᠭᠠᠯ ᠨᠡᠶᠢᠴᠡᠬᠦ ᠵᠣᠷ ᠢ ᠪᠣᠳᠠᠲᠤ ᠡᠮ ᠤᠨ ᠳᠡᠯᠭᠡᠭᠦᠷ ᠲᠤ ᠰᠢᠯᠵᠢᠬᠦᠯᠦᠨ ᠶᠠᠪᠤᠭᠤᠯᠵᠤ ᠡᠮ ᠠᠪᠴᠤ ᠪᠣᠯᠬᠤ ᠪᠤᠶᠤ ᠪᠣᠳᠠᠲᠤ ᠡᠮ ᠤᠨ ᠳᠡᠯᠭᠡᠭᠦᠷ ᠠᠴᠠ ᠡᠮ ᠲᠣᠬᠢᠷᠠᠭᠤᠯᠤᠨ ᠬᠦᠷᠭᠡᠬᠦ ᠵᠠᠭᠪᠤᠷ ᠮᠥᠨ ᠬᠡᠵᠦ ᠵᠢᠷᠤᠮᠵᠢᠭᠤᠯᠪᠠ᠂  ᠬᠠᠷᠢᠨ ᠰᠦᠯᠵᠢᠶᠡᠨ ᠳᠡᠭᠡᠷ᠎ᠡ ᠠᠴᠠ ᠵᠣᠷ ᠤᠨ ᠡᠮ  ᠬᠤᠳᠠᠯᠳᠤᠨ ᠠᠪᠬᠤ ᠲᠤᠬᠠᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠪᠠᠰᠠ ᠰᠤᠳᠤᠯᠬᠤ ᠴᠢᠬᠤᠯᠠᠲᠠᠶ ᠪᠠᠶᠢᠨ᠎ᠠ  ᠬᠡᠵᠡᠢ᠃      ᠣᠶᠢᠯᠠᠭᠠᠭᠰᠠᠨ ᠢᠶᠠᠷ᠂ ︽ᠬᠤᠶᠠᠷ ᠢ ᠲᠣᠭᠲᠠᠭᠠᠬᠤ ᠠᠷᠭ᠎ᠠ︾ ᠶᠢ ᠴᠥᠮ 2021 ᠣᠨ ᠤ 2 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃http://mongol.people.com.cn/15835157.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号