ᠥᠪᠥᠷ ᠮᠣᠩᠭᠤᠯ ᠤᠨ ᠡᠳᠦᠷ ᠤᠨ ᠰᠣᠨᠢᠨ ᠤ 1 ᠰᠠᠷ᠎ᠠ ᠶᠢᠨ 12 ᠤᠨ ᠡᠳᠦᠷ ᠤᠨ ᠮᠡᠳᠡᠭᠡ ︵ | ᠰᠤᠷᠪᠤᠯᠵᠢᠯᠠᠭᠴᠢ ᠯᠢ ᠶᠦᠩ ᠲᠦ᠋ᠦ︶ ᠣᠶᠢᠷ᠎ᠠ ᠳᠤ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠪᠥᠬᠦ ᠣᠷᠣᠨ ᠤ 21 ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠬᠠᠮᠢᠶᠠᠷᠤᠯᠲᠠ ᠶᠢᠨ ᠲᠥᠪ ︵ᠬᠤᠪᠢᠶᠠᠷᠢ ᠲᠥᠪ᠂ ᠠᠵᠢᠯ ᠲᠥᠷᠥᠯ ᠤᠨ ᠲᠥᠪ ᠪᠠᠭᠲᠠᠨ᠎ᠠ︶ ᠨᠢ | ᠨᠢᠭᠡᠨᠲᠡ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ | ᠬᠠᠳᠠᠭᠠᠯᠠᠭᠤᠯᠤᠬᠰᠠᠨ ᠪᠠ ᠵᠢᠭᠡᠯᠡᠯᠭᠡ ᠠᠪᠤᠬᠰᠠᠨ ᠵᠡᠷᠭᠡ ᠮᠡᠳᠡᠭᠡ ᠵᠠᠩᠭᠢ ᠶᠢ ᠠᠰᠠᠭᠤᠨ ᠯᠠᠪᠯᠠᠬᠤ᠂ ᠬᠡᠪ ᠤᠨ | ᠶᠣᠰᠣᠭᠠᠷ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠪᠠᠨ ᠭᠠᠷᠭᠠᠨ ᠠᠪᠬᠤ᠂ ᠵᠢᠭᠡᠯᠡᠯᠭᠡ ᠵᠢᠭᠡᠯᠡᠭᠰᠡᠨ ᠠᠵᠢᠯᠲᠠᠨ ᠠᠵᠢᠯᠴᠢᠨ ᠳᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠬᠤ ᠪᠠ ᠬᠡᠷᠡᠭᠯᠡᠬᠦ ᠭᠡᠷᠡᠴᠢ ᠭᠠᠷᠭᠠᠵᠤ ᠥᠭᠬᠦ | 3 ᠵᠦᠢᠯ ᠤᠨ ᠦᠢᠯᠡᠴᠢᠯᠡᠭᠡ ᠶᠢ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾ ᠪᠤᠯᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ | ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠥᠬᠦᠶ ᠱᠠᠭᠠᠷᠳᠠᠯᠭ᠎ᠠ ᠶᠢ ᠬᠢᠨᠠᠮᠠᠭᠠᠶ ᠲᠦ᠋ᠦᠱᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ | ᠮᠤᠵᠢ ᠠᠯᠤᠰᠯᠠᠨ ᠨᠡᠶᠢᠳᠡᠮ ᠬᠦᠢᠴᠡᠳᠭᠡᠬᠦ︾ ᠠᠵᠢᠯ ᠢ ᠦᠨᠡᠨᠬᠦ ᠳᠥᠯᠭᠢᠨ ᠠᠬᠢᠭᠤᠯᠪᠠ᠃ ᠪᠥᠬᠦ ᠣᠷᠣᠨ ᠤ ᠡᠯ᠎ᠡ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠨᠢ ᠪᠤᠳᠠᠳᠤ | ᠪᠠᠶᠢᠳᠠᠯ ᠲᠠᠢ ᠪᠠᠨ ᠤᠶᠠᠯᠳᠤᠭᠤᠯᠤᠨ᠂ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ | ᠪᠣᠯᠭᠠᠵᠤ᠂ ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠭᠡᠬᠦ᠂ ᠣᠨᠳᠣᠤ ᠭᠠᠵᠠᠷ ᠠᠴᠠ ᠣᠷᠣᠯᠠᠨ ᠬᠤᠷᠢᠶᠠᠵᠤ | ᠣᠷᠣᠯᠠᠨ ᠬᠦᠢᠴᠡᠳᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠢᠭᠡᠳᠦᠭᠡᠷ ᠪᠦᠯᠦᠭ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ 3 ᠵᠦᠢᠯᠡᠰ ᠢ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾ ᠪᠤᠯᠭᠠᠵᠤ᠂ ᠣᠯᠠᠨ ᠲᠦᠮᠡᠨ ᠤ | ᠣᠨᠳᠣᠤ ᠭᠠᠵᠠᠷ ᠠᠵᠢᠯ ᠶᠠᠪᠤᠳᠠᠯ ᠬᠦᠢᠴᠡᠳᠭᠡᠬᠦ ᠳᠤ ︽ᠣᠯᠠᠨ ᠭᠠᠵᠠᠷ ᠲᠤ ᠬᠦᠶᠦᠬᠦ︾ ᠬᠦᠴᠢᠷ ᠠᠰᠠᠭᠤᠳᠠᠯ ᠢ | ᠬᠦᠴᠦᠯᠡᠨ ᠰᠢᠢᠳᠪᠦᠷᠢᠯᠡᠪᠡ᠃ | 3 ᠵᠦᠢᠯ ᠤᠨ ᠦᠢᠯᠡᠴᠢᠯᠡᠭᠡᠨ ᠤ ᠵᠦᠢᠯᠡᠰ ᠢᠶᠠᠷ ᠠᠪᠴᠤ ᠬᠡᠯᠡᠪᠡᠯ᠂ ᠬᠤᠪᠢ ᠬᠥᠮᠦᠨ ᠤ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠤᠬᠰᠠᠨ ᠪᠠ ᠵᠢᠭᠡᠯᠡᠯᠭᠡ | ᠠᠪᠤᠬᠰᠠᠨ ᠵᠡᠷᠭᠡ ᠮᠡᠳᠡᠭᠡ ᠵᠠᠩᠭᠢ ᠶᠢ ᠠᠰᠠᠭᠤᠨ ᠯᠠᠪᠯᠠᠬᠤ ᠪᠠ ᠬᠡᠪ ᠤᠨ ᠶᠣᠰᠣᠭᠠᠷ ᠠᠵᠢᠯ ᠠᠴᠠ ᠪᠠᠨ ᠠᠮᠠᠷᠠᠭᠰᠠᠨ ᠤ | ᠳᠠᠷᠠᠭ᠎ᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠵᠡᠷᠭᠡ ᠵᠦᠢᠯᠡᠰ ᠢ ᠰᠦᠯᠵᠢᠶᠡᠨ | ᠳᠡᠭᠡᠷ᠎ᠡ ᠬᠦᠢᠴᠡᠳᠭᠡᠵᠦ ᠪᠣᠯᠤᠨ᠎ᠠ︔ ᠵᠢᠭᠡᠯᠡᠯᠭᠡ ᠵᠢᠭᠡᠯᠡᠭᠰᠡᠨ ᠠᠵᠢᠯᠲᠠᠨ ᠠᠵᠢᠯᠴᠢᠨ ᠳᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠬᠤ ᠪᠠ ᠬᠡᠷᠡᠭᠯᠡᠬᠦ ᠭᠡᠷᠡᠴᠢ ᠭᠠᠷᠭᠠᠵᠤ ᠥᠭᠬᠦ | ᠵᠦᠢᠯᠡᠰ ᠢ ᠣᠨᠳᠣᠤ ᠭᠠᠵᠠᠷ ᠣᠷᠣᠯᠠᠨ ᠬᠤᠷᠢᠶᠠᠵᠤ ᠣᠷᠣᠯᠠᠨ ᠬᠦᠢᠴᠡᠳᠭᠡᠵᠦ ᠪᠣᠯᠤᠨ᠎ᠠ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠶᠢ ᠦᠨᠳᠦᠰᠦᠯᠡᠪᠡᠯ᠂ ᠮᠠᠨ ᠤ ᠣᠷᠣᠨ ᠤ | ᠡᠯ᠎ᠡ ᠲᠥᠪ ᠨᠢ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠨᠢᠭᠡᠴᠡ ᠶᠢ ᠳᠡᠩᠰᠡᠯᠡᠵᠦ ᠲᠠᠩᠰᠠ ᠪᠠᠶᠢᠭᠤᠯᠬᠤ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠨᠢᠭᠡᠴᠡ ᠵᠢᠴᠢ ᠬᠤᠪᠢ ᠬᠥᠮᠦᠨ ᠤ ᠲᠤᠰᠢᠶᠠᠨ ᠬᠠᠳᠠᠭᠠᠯᠠᠭᠤᠯᠬᠤ | ᠮᠡᠳᠡᠭᠡ ᠵᠠᠩᠭᠢ ᠶᠢ ᠬᠤᠪᠢᠷᠠᠭᠤᠯᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠵᠢᠭᠡᠯᠡᠯᠭᠡ ᠶᠢ ᠤᠷᠢᠳᠴᠢᠯᠠᠨ ᠳᠥᠯᠥᠵᠦ ᠳᠠᠭᠤᠰᠬᠠᠬᠤ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢ ᠪᠦᠬᠦᠨ ᠢ ᠳᠥᠯᠥᠵᠦ | ᠳᠠᠭᠤᠰᠬᠠᠭᠰᠠᠨ ᠭᠡᠷᠡᠴᠢ ᠭᠠᠷᠭᠠᠵᠤ ᠥᠭᠬᠦ᠂ ᠬᠡᠷ ᠪᠠᠶᠢᠰᠢᠩ ᠬᠤᠳᠠᠯᠳᠤᠨ ᠠᠪᠬᠤ ᠳᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠵᠡᠷᠭᠡ 5 ᠵᠦᠢᠯᠡᠰ ᠢ ︽ᠮᠤᠵᠢ ᠠᠯᠤᠰᠯᠠᠨ | ᠨᠡᠶᠢᠳᠡᠮ ᠬᠦᠢᠴᠡᠳᠭᠡᠬᠦ︾ ᠪᠤᠯᠭᠠᠬᠤ ᠪᠠᠷ ᠪᠠᠶᠢᠨ᠎ᠠ᠃ | http://mongol.people.com.cn/15835128.html |