ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 21 ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ 3 ᠵᠦᠢᠯ ᠤᠨ ᠦᠢᠯᠡᠴᠢᠯᠡᠭᠡ ᠶᠢ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾ ᠪᠤᠯᠪᠠ
ᠨᠡᠶᠢᠲᠡᠯᠡᠭᠰᠡᠨ ᠴᠠᠭ᠄
2021/1/14
      ᠥᠪᠥᠷ ᠮᠣᠩᠭᠤᠯ ᠤᠨ ᠡᠳᠦᠷ ᠤᠨ ᠰᠣᠨᠢᠨ ᠤ 1 ᠰᠠᠷ᠎ᠠ ᠶᠢᠨ 12 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠯᠢ ᠶᠦᠩ ᠲᠦ᠋ᠦ︶ ᠣᠶᠢᠷ᠎ᠠ ᠳᠤ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠪᠥᠬᠦ ᠣᠷᠣᠨ ᠤ 21 ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ︵ᠬᠤᠪᠢᠶᠠᠷᠢ ᠲᠥᠪ᠂ ᠠᠵᠢᠯ ᠲᠥᠷᠥᠯ ᠤᠨ ᠲᠥᠪ ᠪᠠᠭᠲᠠᠨ᠎ᠠ︶ ᠨᠢ ᠨᠢᠭᠡᠨᠲᠡ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠤᠬᠰᠠᠨ ᠪᠠ ᠵᠢᠭᠡᠯᠡᠯᠭᠡ ᠠᠪᠤᠬᠰᠠᠨ ᠵᠡᠷᠭᠡ ᠮᠡᠳᠡᠭᠡ ᠵᠠᠩᠭᠢ ᠶᠢ ᠠᠰᠠᠭᠤᠨ ᠯᠠᠪᠯᠠᠬᠤ᠂ ᠬᠡᠪ ᠤᠨ ᠶᠣᠰᠣᠭᠠᠷ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠬᠤ᠂ ᠵᠢᠭᠡᠯᠡᠯᠭᠡ ᠵᠢᠭᠡᠯᠡᠭᠰᠡᠨ ᠠᠵᠢᠯᠲᠠᠨ ᠠᠵᠢᠯᠴᠢᠨ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠬᠤ ᠪᠠ ᠬᠡᠷᠡᠭᠯᠡᠬᠦ ᠭᠡᠷᠡᠴᠢ ᠭᠠᠷᠭᠠᠵᠤ ᠥᠭᠬᠦ 3  ᠵᠦᠢᠯ ᠤᠨ  ᠦᠢᠯᠡᠴᠢᠯᠡᠭᠡ ᠶᠢ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾  ᠪᠤᠯᠪᠠ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠬᠢᠨᠠᠮᠠᠭᠠᠶ ᠲᠦ᠋ᠦᠱᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾ ᠠᠵᠢᠯ ᠢ ᠦᠨᠡᠨᠬᠦ ᠳᠥᠯᠭᠢᠨ ᠠᠬᠢᠭᠤᠯᠪᠠ᠃ ᠪᠥᠬᠦ ᠣᠷᠣᠨ ᠤ ᠡᠯ᠎ᠡ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠨᠢ  ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠭᠡᠬᠦ᠂ ᠣᠨᠳᠣᠤ ᠭᠠᠵᠠᠷ ᠠᠴᠠ ᠣᠷᠣᠯᠠᠨ ᠬᠤᠷᠢᠶᠠᠵᠤ ᠣᠷᠣᠯᠠᠨ ᠬᠦᠢᠴᠡᠳᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠢᠭᠡᠳᠦᠭᠡᠷ ᠪᠦᠯᠦᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 3 ᠵᠦᠢᠯᠡᠰ ᠢ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾  ᠪᠤᠯᠭᠠᠵᠤ᠂ ᠣᠯᠠᠨ ᠲᠦᠮᠡᠨ ᠤ ᠣᠨᠳᠣᠤ ᠭᠠᠵᠠᠷ ᠠᠵᠢᠯ ᠶᠠᠪᠤᠳᠠᠯ ᠬᠦᠢᠴᠡᠳᠭᠡᠬᠦ ᠳᠤ ︽ᠣᠯᠠᠨ ᠭᠠᠵᠠᠷ ᠲᠤ  ᠬᠦᠶᠦᠬᠦ︾ ᠬᠦᠴᠢᠷ ᠠᠰᠠᠭᠤᠳᠠᠯ ᠢ ᠬᠦᠴᠦᠯᠡᠨ  ᠰᠢᠢᠳᠪᠦᠷᠢᠯᠡᠪᠡ᠃      3 ᠵᠦᠢᠯ ᠤᠨ ᠦᠢᠯᠡᠴᠢᠯᠡᠭᠡᠨ ᠤ ᠵᠦᠢᠯᠡᠰ ᠢᠶᠠᠷ ᠠᠪᠴᠤ ᠬᠡᠯᠡᠪᠡᠯ᠂ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠤᠬᠰᠠᠨ ᠪᠠ ᠵᠢᠭᠡᠯᠡᠯᠭᠡ ᠠᠪᠤᠬᠰᠠᠨ ᠵᠡᠷᠭᠡ ᠮᠡᠳᠡᠭᠡ ᠵᠠᠩᠭᠢ ᠶᠢ ᠠᠰᠠᠭᠤᠨ ᠯᠠᠪᠯᠠᠬᠤ ᠪᠠ ᠬᠡᠪ ᠤᠨ ᠶᠣᠰᠣᠭᠠᠷ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠵᠡᠷᠭᠡ  ᠵᠦᠢᠯᠡᠰ ᠢ ᠰᠦᠯᠵᠢᠶᠡᠨ ᠳᠡᠭᠡᠷ᠎ᠡ  ᠬᠦᠢᠴᠡᠳᠭᠡᠵᠦ ᠪᠣᠯᠤᠨ᠎ᠠ︔ ᠵᠢᠭᠡᠯᠡᠯᠭᠡ ᠵᠢᠭᠡᠯᠡᠭᠰᠡᠨ ᠠᠵᠢᠯᠲᠠᠨ ᠠᠵᠢᠯᠴᠢᠨ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠬᠤ ᠪᠠ ᠬᠡᠷᠡᠭᠯᠡᠬᠦ ᠭᠡᠷᠡᠴᠢ ᠭᠠᠷᠭᠠᠵᠤ ᠥᠭᠬᠦ ᠵᠦᠢᠯᠡᠰ ᠢ ᠣᠨᠳᠣᠤ ᠭᠠᠵᠠᠷ ᠣᠷᠣᠯᠠᠨ ᠬᠤᠷᠢᠶᠠᠵᠤ ᠣᠷᠣᠯᠠᠨ ᠬᠦᠢᠴᠡᠳᠭᠡᠵᠦ ᠪᠣᠯᠤᠨ᠎ᠠ᠃      ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠶᠢ ᠦᠨᠳᠦᠰᠦᠯᠡᠪᠡᠯ᠂ ᠮᠠᠨ ᠤ ᠣᠷᠣᠨ ᠤ ᠡᠯ᠎ᠡ ᠲᠥᠪ ᠨᠢ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠨᠢᠭᠡᠴᠡ ᠶᠢ ᠳᠡᠩᠰᠡᠯᠡᠵᠦ ᠲᠠᠩᠰᠠ ᠪᠠᠶᠢᠭᠤᠯᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠨᠢᠭᠡᠴᠡ ᠵᠢᠴᠢ ᠬᠤᠪᠢ ᠬᠥᠮᠦᠨ ᠤ ᠲᠤᠰᠢᠶᠠᠨ ᠬᠠᠳᠠᠭᠠᠯᠠᠭᠤᠯᠬᠤ ᠮᠡᠳᠡᠭᠡ ᠵᠠᠩᠭᠢ ᠶᠢ ᠬᠤᠪᠢᠷᠠᠭᠤᠯᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠤᠷᠢᠳᠴᠢᠯᠠᠨ ᠳᠥᠯᠥᠵᠦ ᠳᠠᠭᠤᠰᠬᠠᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢ ᠪᠦᠬᠦᠨ ᠢ ᠳᠥᠯᠥᠵᠦ ᠳᠠᠭᠤᠰᠬᠠᠭᠰᠠᠨ ᠭᠡᠷᠡᠴᠢ ᠭᠠᠷᠭᠠᠵᠤ ᠥᠭᠬᠦ᠂ ᠬᠡᠷ ᠪᠠᠶᠢᠰᠢᠩ ᠬᠤᠳᠠᠯᠳᠤᠨ  ᠠᠪᠬᠤ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠵᠡᠷᠭᠡ 5  ᠵᠦᠢᠯᠡᠰ ᠢ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾  ᠪᠤᠯᠭᠠᠬᠤ ᠪᠠᠷ ᠪᠠᠶᠢᠨ᠎ᠠ᠃http://mongol.people.com.cn/15835128.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ