ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠠᠭᠤᠤ ᠬᠥᠭᠵᠢᠮ ᠤᠨ ᠲᠥᠷᠥᠯ ᠤᠨ ᠨᠢᠭᠡᠳᠦᠯᠲᠡᠶ ᠰᠢᠯᠭᠠᠯᠲᠠ ᠶᠢᠨ ᠨᠢᠭᠤᠷᠲᠠᠬᠤ ᠰᠢᠯᠭᠠᠯᠲᠠ ᠡᠬᠢᠯᠡᠬᠦ ᠪᠠᠷ ᠪᠣᠶ
ᠨᠡᠶᠢᠲᠡᠯᠡᠭᠰᠡᠨ ᠴᠠᠭ᠄
2021/1/14
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠲᠠᠭᠤᠤ ᠬᠥᠭᠵᠢᠮ ᠤᠨ ᠲᠥᠷᠥᠯ ᠤᠨ ᠨᠢᠭᠡᠳᠦᠯᠲᠡᠶ ᠰᠢᠯᠭᠠᠯᠲᠠ ᠶᠢᠨ ᠨᠢᠭᠤᠷᠲᠠᠬᠤ ᠰᠢᠯᠭᠠᠯᠲᠠ 1 ᠰᠠᠷ᠎ᠠ ᠶᠢᠨ 14 ᠤ ᠡᠳᠦᠷ ᠠᠴᠠ ᠡᠬᠢᠯᠡᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠲᠠᠭᠤᠤ ᠬᠥᠭᠵᠢᠮ ᠤᠨ ᠲᠥᠷᠥᠯ ᠤᠨ ᠰᠢᠯᠭᠠᠭᠤᠯᠤᠭᠰᠠᠳ ᠲᠤ ᠰᠠᠨᠠᠭᠤᠯᠬᠤ ᠳᠠᠭᠠᠨ᠂ ᠬᠢᠵᠢᠭ ᠢ ᠰᠡᠷᠭᠡᠶᠢᠯᠡᠨ ᠬᠤᠷᠢᠬᠯᠠᠬᠤ ᠪᠠᠶᠢᠳᠠᠯ ᠪᠠ ᠬᠢᠵᠢᠭ ᠢ ᠰᠡᠷᠭᠡᠶᠢᠯᠡᠨ ᠬᠤᠷᠢᠬᠯᠠᠬᠤ ᠠᠷᠭ᠎ᠠ ᠬᠡᠮᠵᠢᠶ᠎ᠡ ᠳᠤ ᠵᠣᠬᠢᠰᠲᠠᠶ ᠲᠣᠬᠢᠷᠠᠭᠤᠯᠤᠯᠲᠠ ᠬᠢᠬᠦ ᠶᠢ ᠨᠢᠭᠲᠠ ᠠᠩᠬᠠᠷᠴᠤ᠂ ᠣᠶᠤᠨᠴᠢ ᠪᠠᠷ ᠮᠠᠭᠠᠳᠯᠠᠵᠤ᠂ ᠴᠦ᠋ᠦᠷᠬᠠᠯ ᠢ ᠲᠡᠪᠴᠢᠬᠦ ᠬᠡᠷᠡᠭᠲᠡᠶ᠃ ᠬᠢᠵᠢᠭ ᠰᠡᠷᠭᠡᠶᠢᠯᠡᠬᠦ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠰᠢᠯᠭᠠᠯᠲᠠ ᠶᠢᠨ ᠴᠡᠭ ᠲᠠᠢ ᠢᠳᠡᠪᠬᠢᠲᠡᠶ ᠬᠠᠮᠵᠢᠯᠴᠠᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠠᠯᠪᠠᠨ ᠤ ᠰᠦᠯᠵᠢᠶ᠎ᠡ ᠪᠤᠯᠬᠤ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠪᠣᠯᠤᠨ ᠠᠯᠪᠠᠨ ᠤ ᠸᠢᠴᠠᠲ ᠪᠤᠯᠬᠤ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ︾ ᠲᠠᠪᠴᠠᠩ ᠳᠤ ᠨᠡᠶᠢᠲᠡᠯᠡᠭᠰᠡᠨ ᠬᠢᠵᠢᠭ ᠢ ᠰᠡᠷᠭᠡᠶᠢᠯᠡᠨ ᠬᠤᠷᠢᠬᠯᠠᠬᠤ ᠵᠡᠷᠭᠡ ᠮᠡᠳᠡᠭᠡ ᠵᠠᠩᠭᠢ ᠶᠢ ᠨᠢᠭᠲᠠ ᠠᠩᠬᠠᠷᠬᠤ ᠬᠡᠷᠡᠭᠲᠡᠶ ᠭᠡᠵᠦ ᠰᠠᠨᠠᠭᠤᠯᠪᠠ᠃      ᠰᠢᠯᠭᠠᠯᠲᠠ ᠠᠴᠠ ᠡᠮᠦᠨ᠎ᠡ᠂ ᠰᠢᠯᠭᠠᠭᠤᠯᠤᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠰᠦᠯᠵᠢᠶᠡᠨ ᠲᠡᠭᠡᠷᠡᠭᠢ ᠨᠡᠷ᠎ᠡ ᠮᠡᠳᠡᠭᠦᠯᠬᠦ ᠰᠢᠰᠲ᠋ᠧᠮ ᠳᠤ ᠤᠷᠤᠵᠤ ᠲᠠᠭᠤᠤ ᠬᠥᠭᠵᠢᠮ ᠤᠨ ᠲᠥᠷᠥᠯ ᠤᠨ ᠰᠢᠯᠭᠠᠭᠤᠯᠤᠭᠴᠢ ᠶᠢᠨ ︽ᠲᠤᠰᠬᠠᠶ ᠮᠡᠷᠭᠡᠵᠢᠯ ᠤᠨ ᠨᠢᠭᠡᠳᠦᠯᠲᠡᠶ ᠰᠢᠯᠭᠠᠯᠲᠠ ᠶᠢᠨ ᠮᠡᠳᠡᠭᠳᠡᠯ ᠤᠨ ᠬᠠᠭᠤᠳᠠᠰᠤ ︵ᠨᠢᠭᠤᠷᠲᠠᠬᠤ ᠰᠢᠯᠭᠠᠯᠲᠠ︶︾᠂ ︽ᠡᠷᠡᠭᠦᠯ ᠮᠡᠨᠳᠦ ᠶᠢᠨ ᠪᠠᠶᠢᠳᠠᠯ ᠤᠨ ᠠᠮᠠᠯᠠᠯᠲᠠ ᠶᠢᠨ ᠪᠢᠴᠢᠭ ︵ᠨᠢᠭᠤᠷᠲᠠᠬᠤ ᠰᠢᠯᠭᠠᠯᠲᠠ︶︾᠂ ︽ᠰᠢᠯᠭᠠᠭᠤᠯᠤᠭᠴᠢ ᠶᠢᠨ ᠬᠢᠵᠢᠭ ᠢ ᠰᠡᠷᠭᠡᠶᠢᠯᠡᠬᠦ ᠳᠤ ᠡᠷᠬᠡᠪᠰᠢ ᠮᠡᠳᠡᠬᠦ ᠵᠦᠢᠯ ︵ᠨᠢᠭᠤᠷᠲᠠᠬᠤ ᠰᠢᠯᠭᠠᠯᠲᠠ︶︾ ᠢ ᠥᠪᠡᠰᠦᠪᠡᠨ ᠪᠠᠭᠤᠯᠭᠠᠵᠤ ᠳᠠᠷᠤᠮᠠᠯᠯᠠᠨ᠎ᠠ᠃ ᠡᠭᠦᠨ ᠤ ᠬᠠᠮᠳᠤ ︽ᠮᠥᠩᠬᠡ ᠰᠤᠪᠠᠭ︾ APP᠂ ︽ᠦᠪᠦᠷ ᠮᠤᠩᠭᠤᠯ ᠤᠨ ᠡᠷᠡᠭᠦᠯ ᠮᠡᠨᠳᠦ︾ APP ᠪᠠᠷ ︽ᠡᠷᠡᠭᠦᠯ ᠮᠡᠨᠳᠦ ᠶᠢᠨ ᠺᠣᠳ᠋︾ ᠢ ᠭᠤᠶᠤᠴᠢᠯᠠᠨ ᠠᠪᠴᠤ᠂ ︽ᠡᠷᠡᠭᠦᠯ ᠮᠡᠨᠳᠦ ᠶᠢᠨ ᠺᠣᠳ᠋︾ ᠤᠨ ᠪᠠᠶᠢᠳᠠᠯ ᠢ ᠦᠷᠭᠦᠯᠵᠢᠯᠡᠨ ᠠᠩᠬᠠᠷᠬᠤ ᠬᠡᠷᠡᠭᠲᠡᠶ᠃ ᠰᠢᠯᠭᠠᠭᠤᠯᠤᠭᠰᠠᠳ ᠵᠠᠷᠴᠢᠮ ᠳᠡᠭᠡᠷ᠎ᠡ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠠᠯᠵᠤ ᠪᠣᠯᠬᠤ ᠥᠬᠡᠶ᠂  ᠴᠢᠬᠤᠯᠠ ᠦᠭᠡᠢ ᠭᠠᠳᠠᠭᠰᠢ ᠭᠠᠷᠬᠤ  ᠪᠠ ᠠᠵᠢᠯᠯᠠᠭ᠎ᠠ ᠶᠢ ᠪᠠᠭᠠᠰᠬᠠᠵᠤ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠠᠭᠤᠯᠵᠠᠵᠤ ᠬᠤᠭᠤᠯᠠ ᠢᠳᠡᠬᠦ ᠠᠴᠠ ᠵᠠᠶᠢᠯᠠᠰᠬᠢᠵᠦ᠂ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢ ᠲᠠᠢ ᠪᠠ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠪᠠ ᠬᠢᠯᠢ ᠶᠢᠨ ᠭᠠᠳᠠᠨ᠎ᠠ ᠠᠴᠠ ᠬᠠᠷᠢᠵᠤ ᠢᠷᠡᠭᠰᠡᠨ ᠬᠥᠮᠦᠰ ᠲᠠᠢ ᠣᠶᠢᠷᠠᠳᠬᠤ ᠠᠴᠠ ᠵᠠᠶᠢᠯᠠᠰᠬᠢᠬᠦ ᠬᠡᠷᠡᠭᠲᠡᠶ᠃      ᠰᠢᠯᠭᠠᠭᠤᠯᠤᠭᠰᠠᠳ 2021 ᠣᠨ ᠤ 1 ᠰᠠᠷ᠎ᠠ ᠶᠢᠨ 10 ᠤ ᠡᠳᠦᠷ ᠠᠴᠠ ᠲᠠᠭᠤᠤ ᠬᠥᠭᠵᠢᠮ ᠤᠨ ᠲᠥᠷᠥᠯ ᠤᠨ ᠨᠢᠭᠡᠳᠦᠯᠲᠡᠶ ᠰᠢᠯᠭᠠᠯᠲᠠ ᠶᠢᠨ ᠨᠢᠭᠤᠷᠲᠠᠬᠤ ᠰᠢᠯᠭᠠᠯᠲᠠ ᠬᠢᠭᠦ ᠠᠴᠠ ᠡᠮᠦᠨᠡᠬᠢ ᠨᠢᠭᠡ ᠡᠳᠦᠷ ᠪᠤᠯᠳᠠᠯᠠᠭᠢ ᠡᠳᠦᠷ ᠪᠦᠷᠢ ᠶᠢᠨ ᠪᠡᠶ᠎ᠡ ᠶᠢᠨ ᠳᠤᠯᠠᠭᠠᠨ ᠢ ᠬᠡᠮᠵᠢᠬᠦ᠂ ᠲᠡᠮᠳᠡᠭᠯᠡᠬᠦ ᠪᠠ ᠡᠷᠡᠭᠦᠯ ᠮᠡᠨᠳᠦ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠢ ᠬᠢᠨᠠᠮᠠᠭᠠᠶ ᠰᠠᠶᠢᠲᠤᠷ ᠬᠢᠬᠦ ᠶᠢᠨ ᠬᠠᠮᠲᠤ ︽ᠡᠷᠡᠭᠦᠯ ᠮᠡᠨᠳᠦ ᠶᠢᠨ ᠪᠠᠶᠢᠳᠠᠯ ᠤᠨ ᠠᠮᠠᠯᠠᠯᠲᠠ ᠶᠢᠨ ᠪᠢᠴᠢᠭ ︵ᠨᠢᠭᠤᠷᠲᠠᠬᠤ ᠰᠢᠯᠭᠠᠯᠲᠠ︶︾ ᠳᠡᠭᠡᠷ᠎ᠡ ᠦᠨᠡᠨ ᠮᠥᠨ ᠢᠶᠠᠷ ᠨᠢ ᠲᠠᠭᠯᠠᠬᠤ ᠬᠡᠷᠡᠭᠲᠡᠶ᠃ ᠪᠡᠶ᠎ᠡ ᠮᠠᠬᠠᠪᠣᠳ ᠲᠤ ᠬᠡᠪ ᠤᠨ ᠪᠤᠰᠤ ᠪᠠᠶᠢᠳᠠᠯ ᠭᠠᠷᠬᠤ ᠪᠤᠶᠤ ᠬᠢᠨᠠᠨ ᠬᠡᠮᠵᠢᠬᠦ ᠳᠤ ᠬᠡᠪ ᠤᠨ ᠪᠤᠰᠤ ᠪᠠᠶᠢᠳᠠᠯ ᠭᠠᠷᠪᠠᠯ᠂ ᠴᠠᠭ ᠲᠤᠬᠠᠶ ᠳᠤᠨᠢ ᠡᠮᠨᠡᠭᠦᠯᠦᠨ ᠮᠡᠳᠡᠭᠦᠯᠬᠦ ᠶᠢᠨ ᠬᠠᠮᠲᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠬᠯᠠᠬᠤ ᠪᠠᠶᠢᠭᠤᠯᠤᠮᠵᠢ ᠪᠣᠯᠤᠨ ᠡᠮᠴᠢᠯᠡᠭᠡᠨ ᠤ ᠪᠠᠶᠢᠭᠤᠯᠤᠮᠵᠢ ᠵᠡᠷᠭᠡ ᠪᠠᠷ ᠲᠤᠰᠬᠠᠶ ᠦᠨᠡᠯᠡᠨ ᠵᠢᠱᠢᠯᠲᠡ ᠬᠢᠯᠭᠡᠬᠦ ᠬᠡᠷᠡᠭᠲᠡᠶ᠃      ᠣᠳᠣᠬᠠᠨ ᠳᠤ ᠮᠥᠨ ᠬᠦ ᠬᠢᠵᠢᠭ ᠤᠨ ᠲᠦᠭᠰᠢᠭᠦᠷᠢ ᠪᠠᠭᠠᠳᠠᠢ ᠪᠤᠰᠤ ᠭᠠᠵᠠᠷ ᠣᠷᠣᠨ ᠳᠤ ᠪᠠᠶᠢᠭ᠎ᠠ ᠰᠢᠯᠭᠠᠭᠤᠯᠤᠭᠴᠢ ᠡᠷᠬᠡᠪᠰᠢ ᠰᠢᠯᠭᠠᠯᠲᠠ ᠶᠢᠨ ᠴᠡᠭ ᠤᠨ ᠪᠠᠶᠢᠭ᠎ᠠ ᠠᠶᠢᠮᠠᠭ ᠬᠤᠲᠠ ᠳᠤ ᠤᠷᠢᠳᠴᠢᠯᠠᠨ ᠪᠤᠴᠠᠵᠤ᠂ ᠪᠤᠴᠠᠵᠤ ᠢᠷᠡᠭᠰᠡᠨ ᠤ ᠳᠠᠷᠠᠭ᠎ᠠ ᠡᠷᠬᠡᠪᠰᠢ ᠬᠢᠵᠢᠭ ᠢ ᠰᠡᠷᠭᠡᠶᠢᠯᠡᠨ ᠬᠤᠷᠢᠬᠯᠠᠬᠤ ᠱᠠᠭᠠᠷᠳᠠᠯᠭ᠎ᠠ ᠶᠣᠰᠣᠭᠠᠷ ᠲᠤᠬᠠᠶ ᠶᠢᠨ ᠭᠠᠵᠠᠷ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ ᠲᠤᠬᠠᠶ ᠶᠢᠨ ᠭᠠᠵᠠᠷ ᠤᠨ ᠬᠢᠵᠢᠭ ᠢ ᠰᠡᠷᠭᠡᠶᠢᠯᠡᠨ ᠬᠤᠷᠢᠬᠯᠠᠬᠤ ᠱᠠᠭᠠᠷᠳᠠᠯᠭ᠎ᠠ ᠶᠣᠰᠣᠭᠠᠷ ᠰᠠᠯᠭᠠᠨ ᠲᠤᠰᠠᠭᠠᠷᠯᠠᠬᠤ᠂ ᠰᠢᠯᠭᠠᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃http://mongol.people.com.cn/15835129.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ