ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠤᠯᠠᠮ ᠨᠢᠭᠡ ᠠᠯᠬᠤᠮ ᠲᠦᠷᠭᠡᠳᠬᠡᠬᠦ ᠪᠠᠷ ᠪᠣᠶ
ᠨᠡᠶᠢᠲᠡᠯᠡᠭᠰᠡᠨ ᠴᠠᠭ᠄
2021/1/14
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ  ᠸᠠᠩ ᠵᠥᠩ ᠵᠧᠤ︶ ᠠᠨᠠᠭᠠᠬᠤ ᠤᠬᠠᠭᠠᠨ ᠤ ᠰᠤᠷᠭᠠᠨ ᠬᠥᠮᠦᠵᠢᠯ ᠢ ᠤᠯᠠᠮ ᠨᠢᠭᠡ ᠠᠯᠬᠤᠮ ᠰᠠᠶᠢᠲᠤᠷ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠨᠠᠭᠠᠬᠤ ᠤᠬᠠᠭᠠᠨ ᠤ ᠰᠤᠷᠭᠠᠨ ᠬᠥᠮᠦᠵᠢᠯ ᠳᠤ ᠣᠷᠣᠰᠢᠵᠤ ᠪᠠᠶᠢᠭ᠎ᠠ ᠴᠢᠳᠠᠪᠤᠷᠢᠲᠠᠨ ᠬᠥᠮᠦᠵᠢᠭᠦᠯᠬᠦ ᠪᠦᠲᠦᠴᠡ ᠶᠢ ᠮᠦᠨ  ᠬᠦ ᠰᠢᠯᠢᠳᠡᠭᠵᠢᠭᠦᠯᠬᠦ ᠴᠢᠬᠤᠯᠠᠲᠠᠶ ᠪᠠᠶᠢᠬᠤ᠂ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠶ ᠪᠠᠶᠢᠬᠤ᠂ ᠡᠮ ᠡᠮᠨᠡᠯᠭᠡ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠬᠤ ᠵᠡᠷᠭᠡ ᠪᠠᠶᠢᠳᠠᠯ ᠢ ᠦᠨᠳᠦᠰᠦᠯᠡᠨ᠂ ᠮᠠᠨ ᠤ ᠣᠷᠣᠨ ︽ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠲᠦᠷᠭᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ︾ ᠢ ᠨᠡᠶᠢᠲᠡᠯᠡᠪᠡ᠃      ᠲᠥᠰᠦᠯ ᠤᠨ ᠱᠠᠭᠠᠷᠳᠠᠯᠭ᠎ᠠ ᠶᠣᠰᠣᠭᠠᠷ᠂ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ ᠲᠤᠰᠬᠠᠶ ᠮᠡᠷᠭᠡᠵᠢᠯ ᠤᠨ ᠪᠦᠲᠦᠴᠡ ᠶᠢ ᠨᠠᠩ ᠰᠢᠯᠢᠳᠡᠭᠵᠢᠭᠦᠯᠵᠦ᠂ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠨᠠᠩ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠪᠣᠯᠭᠠᠨ᠎ᠠ︔ ᠠᠨᠠᠭᠠᠬᠤ ᠤᠬᠠᠭᠠᠨ ᠬᠢᠭᠡᠳ ᠣᠯᠠᠨ ᠰᠢᠨᠵᠢᠯᠡᠭᠡᠨ ᠤ ᠰᠠᠯᠠᠭ᠎ᠠ ᠶᠢ ᠭᠦᠨᠵᠡᠭᠡᠶ ᠰᠣᠯᠪᠢᠴᠠᠭᠤᠯᠤᠨ ᠠᠭᠤᠰᠤᠯᠴᠠᠭᠤᠯᠵᠤ᠂ ᠥᠨᠳᠥᠷ ᠬᠢᠷᠢ ᠲᠦᠪᠰᠢᠨ ᠪᠥᠬᠦᠶ ᠠᠨᠠᠭᠠᠬᠤ ᠤᠬᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠬᠥᠮᠦᠵᠢᠭᠦᠯᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ᠠᠨᠠᠭᠠᠬᠤ ᠤᠬᠠᠭᠠᠨ ᠤ ᠴᠢᠳᠠᠪᠤᠷᠢᠲᠠᠨ ᠢ ᠬᠡᠷᠡᠭᠯᠡᠵᠦ ᠤᠷᠮᠠᠰᠢᠭᠤᠯᠬᠤ ᠲᠣᠭᠲᠠᠴᠠ ᠶᠢ ᠨᠠᠩ ᠪᠦᠷᠢᠨᠰᠢᠬᠦᠯᠤᠨ᠎ᠠ᠃ 2030 ᠣᠨ ᠪᠤᠯᠬᠤ ᠳᠤ᠂ ᠪᠠᠷᠢᠮᠵᠢᠶᠠᠵᠢᠭᠰᠠᠨ᠂ ᠵᠢᠷᠤᠮᠵᠢᠭᠰᠠᠨ᠂ ᠥᠪᠥᠷ ᠮᠣᠩᠭᠤᠯ ᠤᠨ ᠣᠨᠴᠠᠯᠢᠭ ᠲᠠᠢ ᠠᠨᠠᠭᠠᠬᠤ ᠤᠬᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠪᠠᠶᠢᠭᠤᠯᠵᠤ᠂ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠲᠤ ᠦᠢᠯᠡᠴᠢᠯᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ᠃      ᠲᠥᠰᠦᠯ ᠳᠤ᠂ 2020 ᠣᠨ ᠠᠴᠠ ᠬᠤᠶᠢᠰᠢ ᠮᠠᠨ ᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠷᠢᠶ᠎ᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠳᠤ ᠬᠥᠳᠡᠭᠡ ᠲᠣᠰᠬᠤᠨ ᠤ ᠠᠨᠠᠭᠠᠬᠤ ᠤᠬᠠᠭᠠᠨ᠂ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯ ᠢ ᠨᠡᠮᠡᠵᠦ ᠲᠣᠬᠢᠷᠠᠭᠤᠯᠬᠤ ᠥᠬᠡᠶ᠂ ᠪᠥᠬᠦ ᠣᠷᠣᠨ ᠳᠤ ᠬᠡᠰᠡᠭ ᠬᠥᠳᠡᠭᠡ ᠲᠣᠰᠬᠤᠨ ᠤ ᠠᠨᠠᠭᠠᠬᠤ ᠤᠬᠠᠭᠠᠨ᠂ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯ ᠤᠨ ᠴᠡᠭ ᠢ ᠦᠯᠡᠳᠡᠭᠡᠬᠦ ᠶᠢᠨ ᠬᠠᠮᠲᠤ ᠬᠡᠪᠴᠢᠶ᠎ᠡ ᠶᠢ ᠨᠢ ᠵᠢᠯ ᠳᠠᠷᠠᠭᠠᠯᠠᠨ ᠪᠠᠭᠠᠰᠬᠠᠨ᠎ᠠ᠃ 2026 ᠣᠨ ᠪᠣᠯᠬᠤ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠳᠡᠭᠡ ᠲᠣᠰᠬᠤᠨ ᠤ ᠠᠨᠠᠭᠠᠬᠤ ᠤᠬᠠᠭᠠᠨ᠂ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯ ᠤᠨ ᠴᠡᠭ ᠤᠨ ᠰᠣᠷᠣᠭᠴᠢ ᠡᠯᠰᠡᠬᠦ ᠶᠢ ᠪᠦᠬᠦᠨ ᠢ ᠵᠣᠭᠰᠣᠭᠠᠵᠤ᠂ ᠤᠤᠯ ᠤᠨ ᠡᠯᠰᠡᠭᠰᠡᠨ ᠰᠣᠷᠣᠭᠴᠢ ᠶᠢ ᠰᠣᠷᠣᠭᠴᠢ ᠡᠯᠰᠡᠬᠦ ᠲᠤᠰᠬᠠᠶ ᠮᠡᠷᠭᠡᠵᠢᠯ ᠪᠠ ᠲᠥᠯᠥᠪᠯᠡᠭᠡ ᠶᠣᠰᠣᠭᠠᠷ ᠲᠡᠭᠦᠰᠬᠦ ᠪᠣᠯᠲᠠᠯ᠎ᠠ ᠬᠥᠮᠦᠵᠢᠭᠦᠯᠦᠨ᠎ᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ ᠤᠨ ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠰᠣᠷᠣᠭᠴᠢ ᠡᠯᠰᠡᠬᠦ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠠᠰ ᠳᠠᠪᠬᠤᠷᠭ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠬᠢᠶᠠᠯᠠᠭᠠᠲᠤ ᠬᠠᠨᠳᠤᠯᠭ᠎ᠠ ᠲᠠᠢ ᠰᠦᠢᠳᠬᠡᠯ ᠬᠤᠷᠢᠶᠠᠬᠤ ᠥᠬᠡᠶ ᠠᠨᠠᠭᠠᠬᠤ ᠤᠬᠠᠭᠠᠨ ᠤ ᠰᠣᠷᠣᠭᠴᠢ ᠶᠢ ᠭᠤᠤᠯᠳᠠᠯᠭ᠎ᠠ ᠲᠠᠢ ᠬᠥᠮᠦᠵᠢᠭᠦᠯᠦᠨ᠎ᠡ᠃ ᠣᠲᠣ ᠶᠢᠨ ᠪᠠᠶᠢᠭ᠎ᠠ ᠵᠢᠩᠬᠢᠨᠢ ᠠᠩᠭᠢ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠪᠢᠯᠠᠯᠲᠠ ᠶᠢᠨ ᠲᠤᠰᠬᠠᠶ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠰᠤᠪᠢᠯᠠᠯᠲᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠠᠩᠭᠠᠯᠭ᠎ᠠ ᠶᠢ ᠨᠡᠮᠡᠭᠳᠡᠭᠦᠯᠵᠦ᠂ ᠰᠤᠪᠢᠯᠠᠯᠲᠠ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠷᠡᠭᠦᠯᠵᠢᠭᠦᠯᠬᠦ ᠠᠨᠠᠭᠠᠬᠤ ᠤᠬᠠᠭᠠᠨ᠂ ᠡᠷᠡᠭᠦᠯᠵᠢᠭᠦᠯᠬᠦ ᠡᠮᠴᠢᠯᠡᠭᠡ ᠵᠡᠷᠭᠡ ᠬᠠᠮᠢᠶ᠎ᠠ ᠪᠥᠬᠦᠶ ᠵᠢᠭᠠᠨ ᠰᠤᠷᠭᠠᠯᠲᠠ ᠶᠢᠨ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠲᠦᠷᠭᠡᠳᠬᠡᠵᠦ᠂ ᠣᠯᠠᠨ ᠲᠦᠮᠡᠨ ᠪᠠ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠬᠤ ᠬᠡᠷᠡᠭᠲᠡᠶ᠃ ᠵᠢᠩᠬᠢᠨᠢ ᠠᠩᠭᠢ ᠶᠢᠨ ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ᠂ ᠬᠢᠲᠠᠳ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠰᠤᠷᠭᠠᠨ ᠬᠥᠮᠦᠵᠢᠯ ᠢ ᠯᠠᠪᠳᠠᠭᠤᠨ ᠢᠶᠠᠷ ᠬᠥᠭᠵᠢᠭᠦᠯᠦᠨ᠎ᠡ᠃ ᠠᠰᠫᠢᠷᠠᠨᠲ ᠡᠯᠰᠡᠬᠦ ᠬᠡᠪᠴᠢᠶ᠎ᠡ ᠶᠢ ᠵᠣᠬᠢᠰᠲᠠᠶ ᠥᠷᠭᠡᠳᠬᠡᠵᠦ᠂ ᠠᠰᠫᠢᠷᠠᠨᠲ ᠡᠯᠰᠡᠬᠦ ᠪᠦᠲᠦᠴᠡ ᠳᠤ ᠲᠣᠬᠢᠷᠠᠭᠤᠯᠤᠯᠲᠠ ᠬᠢᠵᠦ᠂ ᠰᠢᠨ᠎ᠡ ᠪᠠᠷ ᠨᠡᠮᠡᠭᠳᠡᠭᠦᠯᠬᠦ ᠰᠣᠷᠣᠭᠴᠢ ᠡᠯᠰᠡᠬᠦ ᠲᠥᠯᠥᠪᠯᠡᠭᠡ ᠶᠢ ᠠᠨᠠᠭᠠᠬᠤ ᠤᠬᠠᠭᠠᠨ ᠤ ᠪᠠᠴᠢᠮ ᠴᠢᠳᠠᠪᠤᠷᠢᠲᠠᠨ ᠳᠠᠰᠢ ᠭᠤᠤᠯᠳᠠᠯᠭ᠎ᠠ ᠲᠠᠢ ᠬᠡᠯᠪᠡᠶᠢᠯᠭᠡᠭᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠶᠡᠭᠡ ᠲᠡᠭᠡᠲᠦ ᠰᠤᠷᠭᠠᠭᠤᠯᠢ ᠶᠢᠨ ᠳ᠋ᠣᠺᠲ᠋ᠣᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ᠂ ᠢᠯᠠᠩᠭᠤᠶ᠎ᠠ ᠳᠤᠲᠠᠭᠳᠠᠵᠤ ᠪᠠᠶᠢᠭ᠎ᠠ ᠠᠨᠠᠭᠠᠬᠤ ᠤᠬᠠᠭᠠᠨ ᠤ ᠲᠥᠷᠥᠯ ᠤᠨ ᠳ᠋ᠣᠺᠲ᠋ᠣᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠪᠠᠶᠢᠭᠤᠯᠬᠤ ᠶᠢ ᠳᠡᠮᠵᠢᠵᠦ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃http://mongol.people.com.cn/15835133.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ