ᠸᠠᠩ ᠯᠢ ᠰᠢᠶᠠ᠄ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ ᠲᠥᠪ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ
ᠨᠡᠶᠢᠲᠡᠯᠡᠭᠰᠡᠨ ᠴᠠᠭ᠄
2021/1/15
      ︵ᠰᠤᠷᠪᠤᠯᠵᠢᠯᠠᠭᠴᠢ ᠹᠧᠩ ᠶᠠᠨ ᠫᠢᠩ︶ 1 ᠳ᠋ᠦ᠋ᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠦᠷᠭᠦᠯᠵᠢᠯᠡᠨ ︽ᠳᠥᠷᠪᠡᠨ ᠦᠭᠡᠢ ᠬᠤᠶᠠᠷ ᠰᠢᠭᠤᠳ︾ ᠮᠠᠶ᠋ᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠪᠠᠶᠢᠴᠠᠭᠠᠵᠤ᠂ ᠲᠡᠷᠡ ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠬᠢᠮᠤᠷᠠᠯ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠠ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠠᠮᠵᠢᠯᠴᠠᠨ ᠵᠣᠬᠢᠴᠠᠯᠳᠤᠬᠤ ᠪᠠᠨ ᠴᠢᠩᠭᠠᠳᠬᠠᠨ᠂ ᠠᠵᠢᠯ ᠤᠨ ᠨᠡᠶᠢᠯᠡᠯ ᠬᠦᠴᠦᠨ ᠢ ᠨᠢᠭᠲᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠡᠪᠰᠢᠭᠰᠡᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠲᠥᠪ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠡᠷᠡᠰ ᠰᠠᠬᠢᠵᠤ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠡᠢ᠃      ᠰᠠᠶᠢᠬᠠᠨ ᠲᠣᠭᠤᠷᠢᠭ ᠤᠨ ᠪᠠᠶᠠᠨ ᠪᠠᠯᠭᠠᠰᠤ ᠶᠢᠨ ᠵᠧᠩ ᠳ᠋ᠠ ᠪᠣᠷᠳᠣᠭᠤᠷ ᠤᠨ ᠦᠢᠯᠡᠳᠪᠦᠷᠢ ᠳᠤ᠂ ᠸᠠᠩ ᠯᠢ ᠰᠢᠶᠠ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠢ ᠭᠠᠳᠠᠨ᠎ᠠ ᠠᠴᠠ ᠬᠥᠬᠡᠬᠤᠲᠠ ᠳᠤ ᠢᠷᠡᠭᠰᠡᠨ ᠲᠡᠷᠭᠡ ᠣᠨᠤᠭ᠎ᠠ ᠪᠠ ᠬᠥᠮᠥᠨ ᠬᠠᠷ᠎ᠠ ᠶᠢ ᠲᠡᠮᠳᠡᠭᠯᠡᠨ ᠳᠠᠩᠰᠠᠯᠠᠵᠤ᠂ ᠪᠠᠶᠢᠴᠠᠭᠠᠨ ᠬᠠᠮᠢᠶᠠᠷᠬᠤ ᠠᠵᠢᠯ ᠢ ᠴᠢᠩᠭ᠎ᠠ ᠠᠳᠬᠤᠵᠤ᠂ ᠬᠥᠮᠥᠨ᠂ ᠲᠡᠷᠭᠡ᠂ ᠡᠳ᠋ ᠪᠣᠳᠠᠰ ᠠᠴᠠ ᠦᠯᠢᠭᠡᠷ ᠠᠪᠴᠤ᠂ ᠬᠥᠮᠥᠨ ᠪᠣᠳᠠᠰ ᠢ ᠬᠠᠮᠲᠤ ᠰᠡᠷᠭᠡᠶᠢᠯᠡᠨ᠂ ᠭᠦᠢᠯᠭᠡᠭᠡ ᠠᠴᠠ ᠪᠣᠯᠬᠤ ᠲᠦᠭᠰᠢᠭᠦᠷᠢ ᠶᠢ ᠦᠨᠡᠨᠬᠦ ᠲᠠᠰᠤᠯᠬᠤ ᠬᠡᠷᠡᠭᠲᠡᠢ ᠭᠡᠵᠡᠢ᠃      ᠴᠧᠩ ᠹᠠ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠲᠤ᠂ ᠣᠷᠣᠬᠤ ᠡᠭᠦᠳᠡᠨ ᠳᠡᠭᠡᠷ᠎ᠡ ᠬᠡᠳᠦᠶᠢᠪᠡᠷ ᠲᠡᠷᠭᠡ ᠣᠨᠤᠭ᠎ᠠ ᠶᠢᠨ ᠬᠦᠷᠳᠦ ᠶᠢ  ᠠᠷᠢᠭᠤᠳᠬᠠᠵᠤ ᠪᠠᠶᠢᠭ᠎ᠠ ᠪᠠ ᠬᠥᠮᠥᠨ ᠬᠠᠷ᠎ᠠ ᠶᠢ ᠳᠠᠩᠰᠠᠯᠠᠵᠤ ᠪᠠᠶᠢᠭ᠎ᠠ ᠪᠣᠯᠪᠠᠴᠤ᠂ ᠬᠦᠷᠢᠶᠡᠯᠡᠩ ᠲᠣᠭᠤᠷᠢᠭ ᠶᠡᠷᠦᠩᠬᠡᠢ ᠳᠡᠭᠡᠨ ᠴᠢᠩᠭ᠎ᠠ ᠵᠢᠷᠤᠮᠵᠢᠭᠰᠠᠨ ᠶᠠᠪᠤᠴᠠ ᠶᠢᠨ ᠬᠠᠮᠢᠶᠠᠷᠤᠯᠲᠠ ᠦᠭᠡᠢ ᠪᠠᠶᠢᠪᠠ᠃ ᠸᠠᠩ ᠯᠢ ᠰᠢᠶᠠ  ᠴᠢᠬᠤᠯᠠᠴᠢᠯᠠᠬᠤ ᠳᠠᠭᠠᠨ᠂ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠳ᠋ ᠪᠠᠷᠠᠭ᠎ᠠ ᠶᠢ ᠪᠠᠶᠢᠴᠠᠭᠠᠬᠤ ᠪᠠᠨ ᠦᠨᠡᠨᠬᠦ ᠴᠢᠩᠭᠠᠳᠬᠠᠵᠤ᠂ ᠭᠦᠢᠯᠭᠡᠭᠡ᠂ ᠲᠦᠷᠭᠡᠨ ᠭᠤᠪᠢᠭᠤᠯᠭ᠎ᠠ᠂ ᠪᠤᠰᠤᠳ ᠲᠤ ᠨᠠᠶᠢᠳᠠᠨ ᠭᠠᠳᠠᠭᠠᠳᠤ ᠠᠴᠠ ᠬᠤᠳᠠᠯᠳᠤᠨ ᠠᠪᠤᠭᠰᠠᠨ ᠵᠡᠷᠭᠡ ᠭᠠᠳᠠᠨ᠎ᠠ ᠠᠴᠠ ᠢᠷᠡᠭᠰᠡᠨ ᠡᠳ᠋ ᠪᠠᠷᠠᠭ᠎ᠠ ᠶᠢ ᠪᠦᠬᠦᠨ ᠢ ᠴᠢᠩᠭ᠎ᠠ ᠪᠠᠶᠢᠴᠠᠭᠠᠨ ᠠᠷᠢᠭᠤᠳᠬᠠᠵᠤ᠂ ᠬᠢᠵᠢᠭ ᠤᠨ ᠪᠠᠶᠢᠳᠠᠯ ᠡᠳ᠋ ᠪᠠᠷᠠᠭ᠎ᠠ ᠪᠠᠷ ᠳᠠᠮᠵᠢᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃      ᠰᠠᠶᠢᠬᠠᠨ ᠲᠣᠭᠤᠷᠢᠭ ᠤᠨ ᠪᠠᠶᠠᠨ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠳᠤ᠂ ᠸᠠᠩ ᠯᠢ ᠰᠢᠶᠠ ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠳᠤᠯᠠᠭᠠᠨ ᠢᠶᠠᠨ ᠬᠡᠮᠵᠢᠭᠦᠯᠵᠦ᠂ ᠵᠢᠵᠢᠭᠦᠷᠯᠡᠵᠦ ᠪᠠᠶᠢᠭ᠎ᠠ ᠡᠮᠴᠢ ᠰᠤᠪᠢᠯᠠᠭᠴᠢ  ᠲᠠᠢ ᠳᠣᠲᠣᠨᠣ ᠶᠠᠷᠢᠯᠴᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠶᠠᠪᠤᠴᠠ ᠶᠢ ᠨᠠᠷᠢᠨ ᠠᠰᠠᠭᠤᠨ ᠯᠠᠪᠯᠠᠪᠠ᠃ ᠸᠠᠩ ᠯᠢ ᠰᠢᠶᠠ ᠴᠢᠬᠤᠯᠠᠴᠢᠯᠠᠬᠤ ᠳᠠᠭᠠᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠩᠬ᠎ᠠ ᠪᠠᠶᠢᠴᠠᠭᠠᠵᠤ ᠰᠠᠯᠭᠠᠨ ᠣᠨᠣᠰᠢᠯᠠᠬᠤ᠂ ᠬᠠᠯᠠᠭᠤᠷᠠᠭᠰᠠᠨ ᠡᠪᠡᠳᠴᠢᠲᠡᠨ ᠢ ᠰᠢᠢᠳᠪᠦᠷᠢᠯᠡᠬᠦ ᠶᠠᠪᠤᠴᠠ ᠵᠡᠷᠭᠡ ᠠᠵᠢᠯ ᠢ ᠯᠠᠪᠳᠠᠭᠤᠨ ᠪᠠᠲᠤᠲᠠᠢ ᠬᠢᠵᠦ᠂ ᠲᠤᠰᠠᠭᠠᠷᠯᠠᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠨᠠᠶᠢᠳᠠᠪᠤᠷᠢᠵᠢᠭᠤᠯᠤᠨ᠂ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠮᠥᠷᠲᠡᠭᠡᠨ ᠨᠠᠷᠢᠯᠢᠭ ᠰᠠᠶᠢᠨ ᠬᠢᠬᠦ ᠬᠡᠷᠡᠭᠲᠡᠢ ᠭᠡᠵᠡᠢ᠃      ᠰᠠᠶᠢᠬᠠᠨ ᠲᠣᠭᠤᠷᠢᠭ ᠤᠨ ᠯᠥᠸᠧ ᠵᠢᠶᠠ ᠶᠢᠩ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠤᠴᠠ ᠪᠠᠷ ᠰᠤᠷᠪᠤᠯᠵᠢᠯᠠᠬᠤ ᠳᠠᠭᠠᠨ᠂ ᠲᠣᠰᠬᠤᠨ ᠤ ᠡᠭᠦᠳᠡᠨ ᠳᠡᠭᠡᠷ᠎ᠡ ᠪᠣᠭᠤᠮᠲᠠ ᠲᠣᠬᠢᠷᠠᠭᠤᠯᠵᠤ᠂ ᠣᠷᠣᠵᠤ ᠭᠠᠷᠬᠤ ᠲᠡᠷᠭᠡ ᠣᠨᠤᠭ᠎ᠠ ᠶᠢ ᠳᠠᠩᠰᠠᠯᠠᠵᠤ ᠪᠠᠶᠢᠭ᠎ᠠ ᠪᠣᠯᠪᠠᠴᠤ ᠴᠢᠩᠭ᠎ᠠ ᠨᠢᠮᠪᠠᠢ ᠪᠢᠰᠢ ᠠᠰᠠᠭᠤᠳᠠᠯ ᠣᠷᠣᠰᠢᠵᠤ ᠪᠠᠶᠢᠭ᠎ᠠ ᠶᠢ ᠣᠯᠵᠤ ᠮᠡᠳᠡᠪᠡ᠃ ᠸᠠᠩ ᠯᠢ ᠰᠢᠶᠠ  ᠴᠢᠬᠤᠯᠠᠴᠢᠯᠠᠬᠤ ᠳᠠᠭᠠᠨ᠂ ᠬᠥᠳᠡᠭᠡ ᠲᠣᠰᠬᠤᠨ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠣᠷᠣᠨ ᠪᠠ ᠬᠦᠴᠢᠷ ᠣᠷᠣᠨ ᠪᠣᠯᠣᠨ᠎ᠠ᠂ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠠᠴᠠ ᠴᠢᠩᠭ᠎ᠠ᠂ ᠨᠠᠷᠢᠯᠢᠭ ᠠᠴᠠ ᠨᠠᠷᠢᠯᠢᠭ ᠰᠠᠶᠢᠨ ᠨᠠᠶᠢᠳᠠᠪᠤᠷᠢᠵᠢᠭᠤᠯᠵᠤ᠂ ᠴᠢᠩᠭ᠎ᠠ ᠰᠡᠷᠭᠡᠶᠢᠯᠡᠨ ᠠᠷᠭ᠎ᠠ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠵᠦ᠂ ᠠᠶᠤᠯ ᠲᠦᠭᠰᠢᠭᠦᠷᠢ ᠭᠡᠮ ᠰᠣᠭᠤᠭ ᠢ ᠦᠨᠡᠨᠬᠦ ᠠᠷᠢᠯᠭᠠᠬᠤ ᠬᠡᠷᠡᠭᠲᠡᠢ᠃ ᠨᠤᠲᠤᠭ ᠲᠠᠭᠠᠨ ᠪᠤᠴᠠᠭᠰᠠᠨ ᠬᠥᠮᠥᠰ ᠢ ᠰᠢᠭᠰᠢᠨ ᠪᠠᠶᠢᠴᠠᠭᠠᠬᠤ ᠠᠵᠢᠯ ᠢ ᠰᠠᠶᠢᠨ ᠬᠢᠵᠦ᠂ ᠨᠤᠲᠤᠭ ᠲᠠᠭᠠᠨ ᠪᠤᠴᠠᠭᠰᠠᠨ ᠬᠥᠮᠥᠰ ᠤᠨ ᠲᠤᠭ᠎ᠠ ᠬᠡᠮᠵᠢᠶ᠎ᠡ ᠪᠠ ᠵᠠᠮ ᠮᠥᠷ ᠢ ᠬᠥᠳᠡᠯᠦᠩᠭᠦᠢ ᠡᠵᠡᠮᠰᠢᠵᠦ᠂  ᠰᠣᠬᠤᠷ ᠣᠷᠣᠨ ᠥᠨᠴᠥᠭ ᠪᠤᠯᠤᠩ ᠦᠯᠡᠳᠡᠭᠡᠵᠦ ᠪᠣᠯᠬᠤ ᠦᠭᠡᠢ᠃ ᠲᠣᠰᠬᠤᠨ ᠤ ᠲᠡᠰ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠡᠮ ᠤᠨ ᠳᠡᠯᠭᠡᠭᠦᠷ᠂ ᠬᠤᠳᠠᠯᠳᠤᠭ᠎ᠠ ᠪᠤᠶᠤ ᠵᠠᠬ᠎ᠠ ᠵᠡᠭᠡᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠤᠨ ᠰᠤᠷᠲᠠᠯᠴᠢᠯᠠᠵᠤ᠂ ᠲᠣᠰᠬᠤᠨ ᠤ ᠠᠷᠠᠳ ᠤᠨ ᠥᠪᠡᠷ ᠤᠨ ᠰᠡᠷᠭᠡᠶᠢᠯᠡᠨ ᠡᠵᠡᠮᠳᠡᠬᠦ ᠤᠬᠠᠮᠰᠠᠷ ᠪᠠ ᠴᠢᠳᠠᠪᠤᠷᠢ ᠶᠢ ᠦᠨᠡᠨᠬᠦ ᠨᠡᠮᠡᠭᠳᠡᠭᠦᠯᠵᠦ᠂ ᠬᠥᠳᠡᠭᠡ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠷᠡᠯ ᠬᠡᠷᠡᠮ ᠲᠡᠮᠦᠷ ᠬᠠᠨ᠎ᠠ ᠶᠢ ᠪᠠᠲᠤ ᠪᠠᠬᠢ ᠪᠠᠶᠢᠭᠤᠯᠬᠤ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠦ᠋ ᠸᠧᠨ ᠮᠢᠩ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号