ᠮᠠᠨ ᠤ ᠬᠤᠲᠠ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ︾ ᠶᠢᠨ ᠴᠣᠯᠠ ᠶᠢ ᠬᠦᠷᠲᠡᠪᠡ
ᠨᠡᠶᠢᠲᠡᠯᠡᠭᠰᠡᠨ ᠴᠠᠭ᠄
2021/1/15
     ︵ᠰᠤᠷᠪᠤᠯᠵᠢᠯᠠᠭᠴᠢ ᠯᠢᠶᠠᠩ ᠵᠢᠩ ᠱᠤ᠋︶ ᠣᠷᠴᠢᠮ᠂ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ︽2018 - 2020 ᠣᠨ ᠤ ᠬᠤᠭᠤᠷᠣᠨᠳᠤᠬᠢ ᠤᠯᠤᠰ ᠤᠨ ᠡᠷᠡᠭᠦᠯ ᠬᠠᠮᠠᠭᠠᠯᠠᠯ ᠤᠨ ᠬᠤᠲᠠ ︵ᠲᠣᠭᠤᠷᠢᠭ︶ ᠶᠢ ᠨᠡᠷᠡᠯᠡᠬᠦ ᠲᠤᠬᠠᠢ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠰᠢᠢᠳᠪᠦᠷᠢ︾ ᠶᠢ ᠨᠡᠶᠢᠲᠡᠯᠡᠪᠡ᠃ ᠮᠠᠨ ᠤ ᠬᠤᠲᠠ ᠶᠢ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠠᠴᠠ ᠵᠢᠩᠭᠢᠨᠢ ᠪᠠᠷ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠷ ᠨᠡᠷᠡᠶᠢᠳᠪᠡ᠃       ᠣᠶᠢᠯᠠᠭᠠᠭᠰᠠᠨ ᠢᠶᠠᠷ᠂ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠦᠨᠡᠯᠡᠨ ᠰᠢᠯᠭᠠᠬᠤ ᠪᠠ ᠬᠠᠮᠢᠶᠠᠷᠬᠤ ᠠᠷᠭ᠎ᠠ︾ ︵ᠪᠦᠬᠦ ᠬᠠᠶᠢᠷᠠᠯᠠᠬᠤ ᠡᠷᠡᠭᠦᠯ ᠲᠠᠷᠬᠠᠭᠠᠭᠰᠠᠨ ﹇2015﹈ 4 ᠳ᠋ᠦ᠋ᠭᠡᠷ ᠲᠣᠭᠠᠲᠤ︶ ᠶᠣᠰᠣᠭᠠᠷ᠂ ᠬᠥᠬᠡᠬᠤᠲᠠ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠵᠣᠬᠢᠶᠠᠨ ᠪᠠᠶᠢᠭᠤᠯᠤᠭᠰᠠᠨ ᠲᠤᠰᠬᠠᠢ ᠮᠡᠷᠭᠡᠵᠢᠯᠲᠡᠳ ᠠᠴᠠ ᠮᠠᠨ ᠤ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠷ ᠮᠡᠳᠡᠭᠦᠯᠦᠭᠰᠡᠨ ᠮᠠᠲ᠋ᠧᠷᠢᠶᠠᠯ ᠢ ᠦᠨᠡᠯᠡᠨ ᠬᠢᠨᠠᠬᠤ᠂ ᠨᠢᠭᠤᠴᠠ ᠪᠠᠷ ᠰᠤᠷᠪᠤᠯᠵᠢᠯᠠᠬᠤ᠂ ᠮᠡᠷᠭᠡᠵᠢᠯ ᠤᠨ ᠦᠨᠡᠯᠡᠯᠲᠡ ᠬᠢᠬᠦ ᠪᠠ ᠶᠡᠷᠦᠩᠬᠡᠶᠢᠯᠡᠭᠰᠡᠨ ᠦᠨᠡᠯᠡᠯᠲᠡ ᠬᠢᠨᠠᠯᠲᠠ ᠵᠢᠴᠢ ᠨᠡᠶᠢᠭᠡᠮ ᠳᠤ ᠵᠠᠷᠯᠠᠬᠤ ᠲᠠᠪᠤᠨ ᠶᠡᠭᠡ ᠴᠢᠬᠤᠯᠠ ᠶᠠᠪᠤᠴᠠ ᠶᠢ ᠤᠷᠤᠭᠰᠢᠲᠠᠢ ᠥᠩᠭᠡᠷᠡᠭᠡᠵᠦ᠂ ᠦᠨᠡᠯᠡᠨ ᠬᠢᠨᠠᠭᠰᠠᠨ ᠦᠷ᠎ᠡ ᠳ᠋ᠦᠩ ᠪᠠ ᠵᠠᠷᠯᠠᠯ ᠤᠨ ᠪᠠᠶᠢᠳᠠᠯ ᠢ ᠦᠨᠳᠦᠰᠦᠯᠡᠨ᠂ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠠᠴᠠ ᠬᠥᠬᠡᠬᠤᠲᠠ ᠶᠢ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠷ ᠨᠡᠷᠡᠶᠢᠳᠬᠦ ᠪᠠᠷ ᠲᠣᠭᠲᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号