ᠲᠥᠪ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ 5 ᠵᠢᠯ ᠳᠤ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 460.3 ᠳ᠋ᠦᠩᠰᠢᠭᠤᠷ ᠲᠥᠭᠦᠷᠢᠭ ᠣᠷᠣᠭᠤᠯᠪᠠ
ᠨᠡᠶᠢᠲᠡᠯᠡᠭᠰᠡᠨ ᠴᠠᠭ᠄
2021/1/15
      ᠥᠪᠥᠷ ᠮᠣᠩᠭᠤᠯ ᠤᠨ ᠡᠳᠦᠷ ᠤᠨ ᠰᠣᠨᠢᠨ ᠤ 1 ᠰᠠᠷ᠎ᠠ ᠶᠢᠨ 13 ᠤ ᠡᠳᠦᠷ ᠤᠨ ᠮᠡᠳᠡᠭᠡ ︵ᠰᠤᠷᠪᠤᠯᠵᠢᠯᠠᠭᠴᠢ ᠶᠠᠩ ᠹᠠᠨ︶ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠪᠠᠷ ᠦᠨᠳᠦᠰᠦᠨ ᠵᠢᠷᠤᠮᠯᠠᠯ ᠪᠣᠯᠭᠠᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠤᠨᠤᠴᠠᠳᠠᠢ ᠪᠠᠷ ᠶᠠᠳᠠᠭᠤ ᠶᠢ ᠲᠡᠳᠬᠦᠬᠦ᠂ ᠤᠨᠤᠴᠠᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃      2016 — 2020 ᠣᠨ ᠪᠣᠯᠲᠠᠯ᠎ᠠ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠠᠴᠠ 5 ᠵᠢᠯ ᠳᠤ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 460.3 ᠳ᠋ᠦᠩᠰᠢᠭᠤᠷ ᠲᠥᠭᠦᠷᠢᠭ ᠣᠷᠣᠭᠤᠯᠪᠠ᠃ ᠡᠭᠦᠨ ᠳᠤ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠨᠢ 120 ᠳ᠋ᠦᠡᠭᠰᠢᠭᠤᠷ ᠲᠥᠭᠦᠷᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠨᠢ 191.5 ᠳ᠋ᠦᠡᠭᠰᠢᠭᠤᠷ ᠲᠥᠭᠦᠷᠢᠭ᠂ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠤᠨ ᠪᠡᠯᠡ ᠮᠥᠩᠭᠦ ᠨᠢ 148.8 ᠳ᠋ᠦᠡᠭᠰᠢᠭᠤᠷ ᠲᠥᠭᠦᠷᠢᠭ ᠪᠣᠯᠤᠨ᠎ᠠ᠃ 2020 ᠣᠨ ᠤ ᠡᠬᠢ ᠪᠠᠷ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠶᠠᠳᠠᠭᠤ ᠶᠢ ᠲᠡᠳᠬᠦᠬᠦ 3.5 ᠳ᠋ᠦᠩᠰᠢᠭᠤᠷ ᠲᠥᠭᠦᠷᠢᠭ ᠤᠨ ᠲᠤᠰᠬᠠᠶ ᠪᠠᠯᠠ ᠮᠥᠩᠭᠦ ᠶᠢ ᠴᠠᠭ ᠲᠤᠬᠠᠶ ᠳᠤᠨᠢ ᠨᠡᠮᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠪᠠ᠃ ᠡᠭᠦᠨ ᠤ ᠬᠠᠮᠲᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠬᠡᠷᠡᠭᠯᠡᠬᠦ ᠴᠢᠭᠯᠡᠯ ᠢ ᠲᠣᠬᠢᠷᠠᠭᠤᠯᠤᠨ ᠰᠢᠯᠢᠳᠡᠭᠵᠢᠭᠦᠯᠵᠦ᠂ ᠪᠠᠯᠠ ᠮᠥᠩᠭᠦ ᠶᠢ ᠠᠵᠤ ᠦᠢᠯᠡᠰ ᠤᠨ ᠲᠥᠷᠥᠯ ᠵᠦᠢᠯ ᠳᠠᠰᠢ ᠭᠤᠤᠯᠳᠠᠯᠭ᠎ᠠ ᠲᠠᠢ ᠬᠡᠯᠪᠠᠶᠢᠯᠭᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠢᠯ ᠤᠯᠬᠤ ᠳᠤ ᠬᠦᠴᠢᠷᠲᠡᠶ ᠪᠠᠶᠢᠭ᠎ᠠ ᠠᠰᠠᠭᠤᠳᠠᠯ ᠢ ᠰᠢᠢᠳᠪᠦᠷᠢᠯᠡᠪᠠ᠃      ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠠᠯᠠ ᠮᠥᠩᠭᠦ ᠶᠢ ᠨᠢᠭᠡᠳᠦᠯᠲᠡᠶ ᠲᠦᠯᠦᠪᠵᠢᠭᠦᠯᠵᠦ ᠡᠮᠬᠢᠯᠡᠨ ᠨᠡᠶᠢᠯᠡᠭᠦᠯᠵᠦ ᠬᠡᠷᠡᠭᠯᠡᠬᠦ ᠲᠤᠷᠰᠢᠯᠲᠠ ᠥᠷᠨᠢᠭᠦᠯᠵᠦ ᠪᠠᠶᠢᠭ᠎ᠠ ᠤᠯᠤᠰ ᠤᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠷᠢᠶᠠᠯᠠᠩ ᠳᠤ ᠬᠤᠯᠪᠣᠭᠳᠠᠭᠰᠠᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠢᠨᠡᠳᠭᠡᠵᠦ᠂ ᠶᠠᠳᠠᠭᠤ ᠶᠢ ᠲᠡᠳᠬᠦᠬᠦ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠤᠨ᠂ ᠪᠠᠯᠠ ᠮᠥᠩᠭᠦ ᠶᠢᠨ ᠢᠷᠡᠯᠲᠡ ᠶᠢᠨ ᠵᠠᠮ ᠰᠤᠪᠠᠬ ᠢ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠭᠦᠢᠴᠡᠳ ᠪᠠᠳᠤᠯᠠᠭ᠎ᠠ ᠬᠠᠨᠭ᠍ᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ ᠬᠡᠪᠴᠢᠶ᠎ᠡ ᠵᠢᠯ ᠳᠠᠷᠠᠭᠠᠯᠠᠨ ᠨᠡᠮᠡᠭᠳᠡᠵᠦ᠂ 2017 ᠣᠨ ᠳᠤ᠂ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ 31 ᠬᠤᠰᠢᠭᠤ ᠰᠢᠶᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠳᠥᠷᠪᠡᠨ ᠱᠠᠲᠤᠨ ᠤ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ 49.3 ᠳ᠋ᠦᠡᠭᠰᠢᠭᠤᠷ ᠲᠦᠭᠦᠷᠢᠭ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ 2018 ᠣᠨ ᠳᠤ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ 55.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ 2019 ᠣᠨ ᠳᠤ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ 71.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ 2020 ᠣᠨ ᠳᠤ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ 73.98 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠪᠡ᠃http://mongol.people.com.cn/15835249.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ