1 ᠳ᠋ᠦ᠋ᠭᠡᠷ ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ | ᠴᠧᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ | ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ | ᠪᠠᠶᠢᠭ᠎ᠠ ᠪᠠᠶᠢᠳᠠᠯ ᠪᠠ ᠡᠨᠡ ᠵᠢᠯ ᠤᠨ ᠪᠦᠬᠦ ᠬᠤᠲᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠭᠤᠣᠯᠳᠠᠯᠭ᠎ᠠ | ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠪᠡᠷᠬᠡ ᠪᠤᠳᠤᠯᠢᠶᠠᠨᠲᠠᠢ ᠪᠠᠶᠢᠵᠤ᠂ ᠤᠯᠤᠰ ᠤᠨ ᠳᠣᠲᠣᠷ᠎ᠠ ᠣᠯᠠᠨ ᠭᠠᠵᠠᠷ ᠣᠷᠣᠨ ᠳᠤ ᠵᠠᠯᠭᠠᠪᠠᠷ ᠬᠡᠰᠡᠭ | ᠪᠦᠯᠦᠭ ᠤᠨ ᠪᠥᠭᠡᠮᠨᠡᠷᠡᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠴᠦ᠂ ᠡᠭᠦᠨ ᠤ ᠲᠡᠭᠡᠷ᠎ᠡ ᠴᠠᠭᠠᠨ ᠰᠠᠷ᠎ᠠ | ᠣᠶᠢᠷᠠᠲᠤᠨ ᠬᠥᠮᠥᠨ ᠤ ᠤᠷᠤᠰᠬᠠᠯ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠨᠡᠩ | ᠣᠯᠠᠨ ᠥᠷᠢᠰᠦᠯᠳᠦᠭᠡᠨ ᠠᠪᠴᠢᠷᠠᠪᠠ᠃ ᠡᠯ᠎ᠡ ᠭᠠᠵᠠᠷ ᠣᠷᠣᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠶᠢᠨ | ᠬᠢᠨ ᠡᠷᠬᠡᠪᠰᠢ ᠦᠵᠡᠯ ᠰᠠᠨᠠᠭᠠᠨ ᠳᠡᠭᠡᠷ᠎ᠡ ᠪᠠᠨ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠪᠴᠢ ᠶᠢ ᠦᠨᠡᠨᠬᠦ ᠴᠢᠩᠭᠠᠯᠠᠵᠤ᠂ ᠡᠯ᠎ᠡ ᠵᠦᠢᠯ ᠤᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠤᠨᠤᠪᠴᠢᠳᠠᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠶᠢ | ᠳᠣᠪᠣᠶᠢᠯᠭᠠᠨ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ | ᠬᠥᠮᠥᠰ ᠢ ᠬᠠᠮᠢᠶᠠᠷᠤᠨ ᠡᠵᠡᠮᠳᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠨᠴᠠᠭᠠᠶᠢᠯᠠᠨ ᠬᠥᠳᠡᠭᠡ | ᠲᠣᠰᠬᠤᠨ ᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ | ᠪᠠᠶᠢᠳᠠᠯ ᠲᠠᠷᠬᠠᠨ ᠳᠡᠯᠭᠡᠷᠡᠬᠦ ᠵᠠᠮ ᠮᠥᠷ ᠢ ᠴᠢᠩᠭ᠎ᠠ ᠬᠤᠷᠢᠬᠤ ᠬᠡᠷᠡᠭᠲᠡᠢ᠃ ᠤᠬᠠᠭᠤᠯᠭ᠎ᠠ ᠰᠤᠷᠲᠠᠯᠴᠢᠯᠠᠭ᠎ᠠ ᠶᠢᠨ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠢ ᠢᠳᠡᠪᠬᠢᠲᠡᠢ ᠬᠥᠲᠥᠯᠥᠨ ᠵᠢᠯᠣᠭᠤᠳᠴᠤ | ᠪᠥᠭᠡᠮᠨᠡᠷᠡᠵᠦ ᠴᠤᠭᠯᠠᠷᠠᠬᠤ ᠪᠠ ᠭᠠᠳᠠᠭᠰᠢ ᠶᠠᠪᠤᠬᠤ ᠶᠢ ᠪᠠᠭᠠᠰᠬᠠᠨ᠂ ᠠᠵᠢᠯᠯᠠᠵᠤ ᠪᠠᠶᠢᠭ᠎ᠠ ᠭᠠᠵᠠᠷ ᠲᠠᠭᠠᠨ ᠴᠠᠭᠠᠨ | ᠰᠠᠷ᠎ᠠ ᠪᠠᠨ ᠥᠩᠭᠡᠷᠡᠭᠡᠬᠦ ᠶᠢ ᠤᠷᠢᠶᠠᠯᠠᠨ᠂ ᠬᠢᠵᠢᠭ ᠤᠨ ᠪᠠᠶᠢᠳᠠᠯ ᠤᠨ ᠥᠷᠭᠡᠳᠬᠦ ᠠᠶᠤᠯ ᠲᠦᠭᠰᠢᠭᠦᠷᠢ ᠶᠢ | ᠪᠠᠭᠠᠰᠬᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠡᠯ᠎ᠡ ᠲᠠᠯ᠎ᠠ ᠶᠢᠨ ᠪᠡᠯᠡᠳᠬᠡᠯ ᠠᠵᠢᠯ ᠢ ᠰᠠᠶᠢᠲᠤᠷ | ᠬᠢᠵᠦ᠂ ᠬᠢᠯᠪᠠᠷ ᠪᠤᠰᠤ ᠪᠠᠷ ᠢᠷᠡᠭᠰᠡᠨ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠴᠢᠩᠭ᠎ᠠ ᠰᠠᠬᠢᠵᠤ᠂ ᠠᠷᠠᠳ | ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ | ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ 2020 ᠣᠨ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ᠂ | ᠪᠡᠷᠬᠡ ᠪᠤᠳᠤᠯᠢᠶᠠᠨᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ᠂ ᠬᠦᠨᠳᠦ ᠪᠡᠷᠬᠡ ᠥᠭᠡᠷᠡᠴᠢᠯᠡᠯᠲᠡ | ᠬᠥᠭᠵᠢᠯᠲᠡ ᠶᠢᠨ ᠡᠭᠦᠷᠭᠡ᠂ ᠣᠨᠴᠠᠭᠠᠶᠢᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠭᠡᠴᠡᠭᠦᠦ ᠳᠠᠭᠠᠷᠢᠯᠲᠠ ᠶᠢᠨ ᠡᠮᠦᠨ᠎ᠡ᠂ ᠪᠦᠬᠦ ᠬᠤᠲᠠ ᠶᠢᠨ ᠳᠡᠭᠡᠷ᠎ᠡ ᠳᠣᠣᠷ᠎ᠠ ᠱᠠᠲᠤ ᠪᠠᠷ ᠢᠶᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠦᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠬᠢᠵᠦ᠂ ︽ | ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠯᠪᠠᠷ ᠪᠤᠰᠤ ᠬᠥᠭᠵᠢᠯᠲᠡ ᠶᠢᠨ | ᠬᠢᠷᠢ ᠪᠦᠲᠦᠮᠵᠢ ᠶᠢ ᠣᠯᠪᠠ᠃ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠬᠦᠯᠭᠡ ᠶᠢᠨ ᠡᠬᠢᠯᠡᠯᠲᠡ ᠶᠢᠨ ᠣᠨ᠂ ᠮᠥᠨᠴᠦ ᠨᠠᠮ ᠪᠠᠶᠢᠭᠤᠯᠤᠭᠳᠠᠭᠰᠠᠨ 100 ᠵᠢᠯ ᠤᠨ ᠣᠢ ᠪᠣᠯᠣᠨ᠎ᠠ᠃ | ᠡᠨᠡ ᠵᠢᠯ ᠤᠨ ᠠᠵᠢᠯ ᠢ ᠰᠠᠶᠢᠨ ᠬᠢᠬᠦ ᠳᠤ᠂ ᠴᠠᠭ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ | ᠬᠤᠶᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠦᠭᠦᠳᠡ ᠬᠤᠷᠠᠯ ᠵᠢᠴᠢ ᠪᠦᠬᠦ ᠬᠤᠲᠠ ᠶᠢᠨ ᠠᠵᠤ | ᠠᠬᠤᠢ ᠶᠢᠨ ᠠᠵᠢᠯ ᠤᠨ ᠬᠤᠷᠠᠯ ᠤᠨ ᠨᠢᠭᠡᠳᠦᠯᠲᠡᠢ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠭᠤᠣᠯᠳᠠᠯᠭ᠎ᠠ ᠲᠠᠢ | ᠠᠵᠢᠯ ᠭᠤᠣᠯᠳᠠᠯᠭ᠎ᠠ ᠲᠠᠢ ᠲᠥᠷᠥᠯ ᠵᠦᠢᠯ ᠢ ᠨᠠᠷᠢᠨ ᠬᠢᠨᠠᠮᠠᠭᠠᠢ ᠰᠤᠳᠤᠯᠤᠨ ᠰᠢᠨᠵᠢᠯᠡᠬᠦ ᠤᠬᠠᠭᠠᠨᠴᠢ ᠪᠠᠷ | ᠲᠥᠯᠥᠪᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠬᠠᠨ ᠡᠬᠢᠯᠡᠭᠦᠯᠵᠦ᠂ | ᠰᠠᠶᠢᠬᠠᠨ ᠠᠯᠬᠤᠵᠤ ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ | ᠪᠡᠯᠭᠡᠯᠡᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠵᠠᠢ᠃ ︵ᠯᠢ ᠬᠠᠢ ᠵᠧᠨ︶ |