ᠪᠦᠬᠦ ᠬᠤᠲᠠ ᠶᠢᠨ ᠬᠢᠵᠢᠭ ᠤᠨ ᠪᠠᠶᠢᠳᠠᠯ ᠢ ᠲᠣᠣᠷᠴᠢᠯᠠᠨ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/18
ᠾᠧ ᠬᠠᠢ ᠳ᠋ᠦᠩ ᠣᠷᠣᠯᠴᠠᠪᠠ      ︵ᠰᠤᠷᠪᠤᠯᠵᠢᠯᠠᠭᠴᠢ ᠯᠢᠶᠠᠩ ᠵᠢᠩ ᠱᠤ᠋︶ 1 ᠳ᠋ᠦ᠋ᠭᠡᠷ ᠰᠠᠷ᠎ᠠ ᠶᠢᠨ 15 ᠤ ᠡᠳᠦᠷ᠂ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠲᠣᠣᠷᠴᠢᠯᠠᠨ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠠᠤ ᠪᠣᠣ ᠹᠧᠩ ᠬᠤᠷᠠᠯ ᠢ ᠡᠷᠬᠢᠯᠡᠪᠡ᠃      ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠲᠣᠣᠷᠴᠢᠯᠠᠨ ᠵᠠᠰᠠᠬᠤ ᠠᠷᠭ᠎ᠠ ᠪᠠᠷᠢᠯ ᠢ ᠬᠡᠷᠡᠭᠯᠡᠬᠦ ᠪᠠ ᠲᠣᠣᠷᠴᠢᠨ ᠤ ᠦᠢᠯᠡᠳᠦᠯ ᠢ ᠪᠠᠳᠠᠷᠠᠭᠤᠯᠬᠤ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠾᠧ ᠬᠠᠢ ᠳ᠋ᠦᠩ ᠵᠢᠭᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠦᠵᠡᠯᠲᠡ ᠲᠠᠨᠢᠯᠲᠠ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠪᠠᠶᠢᠷᠢᠯᠠᠭᠤᠯᠤᠯᠲᠠ ᠶᠢ ᠰᠠᠶᠢᠨ ᠬᠢᠵᠦ᠂ ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽2021 ᠣᠨ ᠤ ᠴᠠᠭᠠᠨ ᠰᠠᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠠᠯᠪᠠᠨ ᠵᠠᠷᠯᠠᠯ︾ ᠵᠢᠴᠢ ︽ᠱᠢ ᠵᠢᠶᠠ ᠵᠤᠸᠠᠩ ᠵᠡᠷᠭᠡ ᠭᠠᠵᠠᠷ ᠣᠷᠣᠨ ᠠᠴᠠ ᠮᠠᠨ ᠤ ᠬᠤᠲᠠ ᠳᠤ ᠢᠷᠡᠭᠰᠡᠨ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠯᠪᠠᠨ ᠵᠠᠷᠯᠠᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ‍ ᠰᠢᠭᠰᠢᠨ ᠪᠠᠶᠢᠴᠠᠭᠠᠯᠲᠠ ᠶᠢ ᠥᠷᠨᠢᠭᠦᠯᠵᠦ᠂ ᠰᠡᠷᠭᠡᠶᠢᠯᠡᠨ ᠡᠵᠡᠮᠳᠡᠬᠦ ᠣᠶᠣᠨᠴᠢ ᠠᠷᠭ᠎ᠠ ᠬᠡᠮᠵᠢᠶ᠎ᠡ ᠶᠢ ᠴᠢᠩᠭᠠᠳᠬᠠᠵᠤ᠂ ᠲᠣᠣᠷᠴᠢᠨ ᠤ ᠵᠢᠭᠰᠠᠭᠠᠨ ᠪᠠᠶᠢᠴᠠᠭᠠᠬᠤ ᠠᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠠᠰᠢᠭᠯᠠᠮᠵᠢ ᠶᠢ ᠳᠡᠭᠡᠭᠰᠢᠯᠡᠭᠦᠯᠬᠦ ᠬᠡᠷᠡᠭᠲᠡᠢ︔ ᠬᠢᠵᠢᠭ ᠤᠨ ᠪᠠᠶᠢᠳᠠᠯ ᠤᠨ ᠲᠤᠬᠠᠢ ᠤᠬᠠᠭᠤᠯᠵᠤ ᠬᠦᠳᠦᠯᠦᠨ ᠵᠢᠯᠤᠭᠤᠳᠬᠤ ᠪᠠᠨ ᠴᠢᠩᠭᠠᠳᠬᠠᠵᠤ᠂ ᠲᠣᠣᠷᠴᠢᠨ ᠢ ᠵᠣᠬᠢᠶᠠᠨ ᠪᠠᠶᠢᠭᠤᠯᠤᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠤᠭᠴᠢ︾ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠨᠥᠭᠡᠴᠡᠯᠡᠬᠦ ᠠᠵᠢᠯ ᠢ ᠢᠳᠡᠪᠬᠢᠲᠡᠢ ᠰᠠᠶᠢᠨ ᠬᠢᠬᠦ ᠬᠡᠷᠡᠭᠲᠡᠢ᠃ ᠡᠯ᠎ᠡ ᠭᠠᠵᠠᠷ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠢᠯᠡᠴᠢᠯᠡᠭᠡ ᠬᠠᠮᠢᠶᠠᠷᠤᠯᠲᠠ ᠶᠢᠨ ᠪᠦᠲᠦᠴᠡ ᠶᠢ ᠱᠠᠯᠠᠪᠳᠠᠨ ᠪᠠᠶᠢᠭᠤᠯᠵᠤ᠂ ᠲᠣᠣᠷ ᠤᠨ ᠦᠢᠯᠡᠳᠦᠯ ᠳᠠᠪᠠᠭᠤᠯᠢᠭ ᠢ ᠪᠠᠳᠠᠷᠠᠭᠤᠯᠤᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠷ ᠳᠠᠮᠵᠢᠨ᠂ ᠲᠣᠣᠷᠴᠢᠯᠠᠨ ᠵᠠᠰᠠᠬᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠠᠳᠬᠤᠨ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠪᠠᠶᠢᠩᠭᠤ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号