ᠨᠡᠶᠢᠭᠡᠮ ᠠᠴᠠ ᠶᠠᠳᠠᠭᠤ ᠶᠢ ᠲᠡᠳᠬᠦᠨ ᠬᠠᠮᠲᠤᠪᠠᠷ ᠪᠠᠶᠠᠵᠢᠵᠤ ᠴᠢᠨᠡᠭᠡᠯᠢᠭᠵᠢᠯ ᠢ ᠪᠠᠲᠤᠳᠬᠠᠨ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2021/1/18
      1 ᠳ᠋ᠦ᠋ᠭᠡᠷ ᠰᠠᠷ᠎ᠠ ᠶᠢᠨ 15 ᠤ ᠡᠳᠦᠷ᠂ ︽ᠨᠡᠶᠢᠭᠡᠮ ᠠᠴᠠ ᠶᠠᠳᠠᠭᠤ ᠶᠢ ᠲᠡᠳᠬᠦᠨ ᠬᠠᠮᠲᠤᠪᠠᠷ ᠪᠠᠶᠠᠵᠢᠵᠤ ᠴᠢᠨᠡᠭᠡᠯᠢᠭᠵᠢᠯ ᠢ ᠪᠠᠲᠤᠳᠬᠠᠨ ᠳᠡᠭᠡᠭᠰᠢᠯᠡᠭᠦᠯᠦᠶ᠎ᠡ︾ ᠶᠠᠳᠠᠭᠤ ᠶᠢ ᠲᠡᠳᠬᠦᠵᠦ ᠬᠠᠪᠰᠤᠷᠤᠨ ᠲᠤᠰᠠᠯᠠᠬᠤ ᠠᠵᠢᠯᠯᠠᠭ᠎ᠠ ᠪᠦᠰᠡᠭᠦᠢ ᠬᠤᠪᠴᠠᠰᠤ ᠵᠠᠰᠠᠯ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠰᠠᠭᠤᠷᠢᠨ ᠳᠤ ᠶᠠᠪᠤᠭᠳᠠᠪᠠ᠃ ᠡᠨᠡ ᠪᠣᠯ ᠮᠠᠨ ᠤ ᠬᠤᠲᠠ ᠶᠢᠨ ᠡᠨᠡ ᠵᠢᠯ ᠤᠨ ᠨᠡᠶᠢᠭᠡᠮ ᠠᠴᠠ ᠶᠠᠳᠠᠭᠤ ᠶᠢ ᠲᠡᠳᠬᠦᠵᠦ ᠬᠠᠪᠰᠤᠷᠤᠨ ᠲᠤᠰᠠᠯᠠᠬᠤ ᠰᠢᠷᠢᠰ ᠠᠵᠢᠯᠯᠠᠭ᠎ᠠ ᠶᠢᠨ ᠨᠢᠭᠡ ᠪᠣᠯᠣᠨ᠎ᠠ᠃ ᠮᠠᠨ ᠤ ᠬᠤᠲᠠ ᠶᠢᠨ 19 ᠨᠡᠶᠢᠭᠡᠮ ᠠᠴᠠ ᠶᠠᠳᠠᠭᠤ ᠶᠢ ᠲᠡᠳᠬᠦᠬᠦ ᠠᠵᠤ ᠠᠬᠤᠶᠢᠯᠠᠯ ᠤᠨ ᠲᠥᠯᠥᠭᠡᠯᠡᠭᠴᠢ ᠰᠠᠭᠤᠷᠢᠨ ᠢ ᠲᠣᠭᠤᠷᠢᠨ ᠦᠵᠡᠪᠡ᠃  ᠣᠶᠢᠯᠠᠭᠠᠭᠰᠠᠨ ᠢᠶᠠᠷ᠂ ᠲᠤᠰ ᠰᠠᠭᠤᠷᠢᠨ ᠨᠢ ᠦᠨᠳᠦᠰᠦᠨ ᠱᠠᠲᠤᠨ ᠤ ᠭᠠᠷ ᠦᠢᠯᠡᠳᠬᠡᠯ ᠤᠨ ᠭᠠᠵᠠᠷ ᠢᠶᠠᠷ ᠪᠡᠶᠡᠴᠢ ᠴᠣᠭᠴᠠ ᠪᠣᠯᠭᠠᠨ᠂ ︽ᠬᠥᠬᠡ ᠬᠤᠲᠠ ᠶᠢᠨ ᠪᠦᠰᠡᠭᠦᠢ ᠭᠠᠷ ᠤᠷᠠᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠤᠯᠪᠣᠭ᠎ᠠ︾ ᠶᠢ ᠪᠠᠶᠢᠭᠤᠯᠵᠠᠢ᠃ ᠡᠯ᠎ᠡ ᠵᠦᠢᠯ ᠤᠨ ᠭᠠᠷ ᠤᠷᠠᠯᠠᠯ ᠤᠨ ᠦᠢᠯᠡᠳᠬᠡᠯ ᠤᠨ ᠠᠵᠤ ᠦᠢᠯᠡᠰ ᠢ ᠬᠥᠭᠵᠢᠭᠦᠯᠬᠦ ᠪᠠᠷ ᠳᠠᠮᠵᠢᠨ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠮᠡᠭᠲᠡᠶᠢᠴᠦᠳ ᠲᠤ ᠭᠡᠷ ᠲᠡᠭᠡᠨ ᠠᠮᠢᠳᠤᠯᠢᠭ ᠢᠶᠠᠷ ᠠᠵᠢᠯᠯᠠᠵᠤ᠂ ᠲᠤᠰ ᠭᠠᠵᠠᠷ ᠣᠷᠣᠨ ᠤ ᠭᠠᠷ ᠦᠢᠯᠡᠳᠬᠡᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠ ᠦᠨᠳᠦᠰᠦᠲᠡᠨ ᠤ ᠰᠣᠶᠣᠯ ᠤᠨ ᠬᠠᠮᠠᠭᠠᠯᠠᠯᠲᠠ ᠤᠯᠠᠮᠵᠢᠯᠠᠯ ᠢ ᠠᠬᠢᠭᠤᠯᠵᠠᠢ᠃ ᠰᠤᠷᠪᠤᠯᠵᠢᠯᠠᠭᠴᠢ ᠸᠠᠩ ᠵᠦᠩ ᠵᠸᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ