ᠭᠠᠵᠠᠷ ᠳᠣᠤᠷᠠᠬᠢ ᠲᠡᠮᠦᠷ ᠵᠠᠮ ᠤᠨ ᠥᠷᠲᠡᠭᠡᠨ ᠳᠤ ᠣᠷᠣᠵᠤ ᠭᠠᠷᠬᠤ ᠳᠤ ᠠᠳᠠᠯᠢ ᠨᠢᠭᠡᠨ App ᠶᠢ ᠬᠡᠷᠡᠭᠯᠡᠨ ᠺᠣᠳ᠋ ᠰᠢᠷᠪᠢᠵᠦ ᠲᠣᠭᠠᠴᠠᠭ᠎ᠠ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2021/1/18
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ ᠬᠥᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ ᠺᠣᠳ᠋ ᠰᠢᠷᠪᠢᠵᠦ ᠬᠠᠭᠠᠯᠲᠠ ᠥᠩᠭᠡᠷᠡᠬᠦ ᠠᠷᠭ᠎ᠠ ᠬᠡᠯᠪᠡᠷᠢ ᠶᠢᠨ ᠣᠯᠠᠨ ᠡᠰᠢᠵᠢᠨ ᠬᠦᠭᠵᠢᠭᠦ ᠶᠢ ᠳᠠᠭᠠᠯᠳᠤᠨ᠂ ᠠᠶᠠᠨᠴᠢᠳ ᠬᠥᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ App᠂ ᠪᠠᠩᠬᠢ ᠶᠢᠨ ᠬᠤᠯᠪᠣᠭ᠎ᠠ ᠶᠢᠨ ᠲᠦᠷᠭᠡᠨ ᠳᠥᠯᠥᠬᠦ App᠂ ᠢ ᠲᠦᠡᠭ ᠰᠢᠩ App ᠵᠡᠷᠭᠡ ᠲᠣᠭᠠᠴᠠᠭ᠎ᠠ ᠬᠢᠬᠦ ᠠᠷᠭ᠎ᠠ ᠵᠠᠮ ᠢᠶᠠᠷ ᠺᠣᠳ᠋ ᠰᠢᠷᠪᠢᠵᠦ ᠬᠠᠭᠠᠯᠲᠠ ᠥᠩᠭᠡᠷᠡᠵᠦ ᠪᠣᠯᠤᠨ᠎ᠠ᠃ ᠭᠡᠪᠡᠴᠦ ᠠᠶᠠᠨᠴᠢᠳ ᠵᠠᠷᠢᠮ ᠳᠠᠭᠠᠨ ᠲᠦᠷ ᠣᠮᠲᠣᠭᠠᠶᠢᠯᠠᠬᠤ ᠵᠡᠷᠭᠡ ᠰᠢᠯᠲᠠᠭᠠᠨ ᠠᠴᠠ ᠪᠣᠯᠵᠣ ᠥᠷᠲᠡᠭᠡᠨ ᠳᠤ ᠣᠷᠣᠵᠤ ᠭᠠᠷᠬᠤ ᠳᠠᠭᠠᠨ ᠠᠳᠠᠯᠢ ᠪᠤᠰᠤ App ᠢᠶᠠᠷ ᠺᠣᠳ᠋ ᠰᠢᠷᠪᠢᠳᠡᠭ᠂ ᠢᠩᠭᠢᠪᠡᠯ ᠶᠠᠮᠠᠷ ᠪᠠᠶᠢᠳᠠᠯ ᠭᠠᠷᠬᠤ ᠪᠣᠶ︖      ᠬᠥᠬᠡᠬᠤᠲᠠ ᠶᠢᠨ ᠵᠢᠮᠳᠤ ᠵᠠᠮ ᠬᠠᠷᠢᠯᠴᠠᠭᠠᠨ ᠤ ᠺᠣᠮᠫᠠᠨᠢ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠬᠥᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ App᠂ ᠲᠦᠷᠭᠡᠨ ᠲᠦᠯᠦᠭᠦ App᠂ ᠢ ᠲᠦᠡᠭ ᠰᠢᠩ App ᠨᠢ ᠴᠥᠮ ᠺᠣᠳ᠋ ᠰᠢᠷᠪᠢᠵᠦ ᠲᠡᠷᠭᠡᠨ ᠳᠤ ᠰᠠᠭᠤᠬᠤ ᠴᠢᠳᠠᠮᠵᠢ ᠶᠢ ᠪᠡᠶ᠎ᠡ ᠪᠠᠨ ᠳᠠᠭᠠᠭᠠᠠ ᠪᠡᠶᠡᠯᠡᠭᠦᠯᠵᠦ ᠴᠢᠳᠠᠨ᠎ᠠ᠃ ᠭᠡᠪᠡᠴᠦ ᠭᠤᠷᠪᠠᠨ App ᠤᠨ ᠺᠣᠳ᠋ ᠢ ᠬᠠᠷᠢᠯᠴᠠᠨ ᠰᠢᠷᠪᠢᠵᠦ ᠪᠣᠯᠬᠤ ᠦᠭᠡᠢ᠂ ᠳᠠᠷᠤᠶ ᠥᠷᠲᠡᠭᠡᠨ ᠳᠤ ᠣᠷᠣᠬᠤ ᠪᠠ ᠥᠷᠲᠡᠭᠡᠨ ᠠᠴᠠ ᠭᠠᠷᠬᠤ ᠳᠤ ᠠᠳᠠᠯᠢ  ᠨᠢᠭᠡᠨ App ᠶᠢ ᠬᠡᠷᠡᠭᠯᠡᠬᠦ ᠬᠡᠷᠡᠭᠲᠡᠶ᠃ ᠬᠡᠷᠪᠡ ᠲᠡᠭᠦᠨ ᠤ ᠳᠣᠲᠣᠷᠠᠬᠢ ᠬᠤᠶᠠᠷ App ᠶᠢᠨ ᠨᠢᠭᠡ ᠪᠠᠷ ᠨᠢ ᠥᠷᠲᠡᠭᠡᠨ ᠳᠤ ᠣᠷᠣᠵᠤ᠂ ᠨᠢᠭᠡ ᠪᠠᠷ ᠨᠢ ᠥᠷᠲᠡᠭᠡᠨ ᠠᠴᠠ ᠭᠠᠷᠪᠠᠯ᠂ ᠬᠤᠶᠠᠷ App ᠶᠢᠨ ᠵᠠᠬᠢᠶᠠᠯᠠᠭ᠎ᠠ ᠶᠢᠨ ᠬᠠᠭᠤᠳᠠᠰᠤ ᠳᠤ ᠴᠦᠮ ᠭᠠᠭᠴᠠ ᠲᠠᠯ᠎ᠠ ᠶᠢᠨ ᠠᠷᠠᠯᠵᠢᠶ᠎ᠠ ᠢᠯᠡᠷᠡᠵᠦ᠂ ᠵᠠᠷᠤᠳᠠᠯ ᠢ ᠬᠤᠶᠠᠷ ᠤᠳᠠᠭ᠎ᠠ ᠳᠠᠬᠢᠨ ᠬᠠᠰᠤᠬᠤ ᠪᠠᠶᠢᠳᠠᠯ ᠢ ᠪᠤᠢ ᠪᠤᠯᠭᠠᠨ᠎ᠠ᠂ ᠬᠡᠷᠪᠡ ᠴᠠᠭ ᠲᠤᠬᠠᠶ ᠳᠤᠨᠢ ᠵᠣᠭᠤᠰ ᠨᠥᠬᠦᠪᠥᠷᠢᠯᠡᠬᠦ ᠦᠭᠡᠢ ᠪᠣᠯ ᠲᠡᠷᠭᠡᠨ ᠳᠤ ᠰᠠᠭᠤᠬᠤ ᠵᠠᠷᠤᠳᠠᠯ ᠳᠤ ᠴᠢᠬᠤᠯᠠ ᠦᠭᠡᠢ ᠬᠤᠬᠢᠷᠠᠯ ᠠᠪᠴᠢᠷᠠᠨ᠎ᠠ᠃ ᠡᠶᠢᠮᠦ ᠠᠴᠠ ᠥᠷᠭᠡᠨ ᠣᠯᠠᠨ ᠠᠶᠠᠨᠴᠢᠳ ᠲᠡᠷᠭᠡᠨ ᠳᠤ ᠰᠠᠭᠤᠵᠤ ᠥᠷᠲᠡᠭᠡ ᠪᠠᠷ ᠣᠷᠣᠵᠤ ᠭᠠᠷᠬᠤ ᠳᠠᠭᠠᠨ ᠡᠷᠬᠡᠪᠰᠢ ᠠᠳᠠᠯᠢ ᠨᠢᠭᠡᠨ App ᠢ ᠬᠡᠷᠡᠭᠯᠡᠵᠦ ᠥᠷᠲᠡᠭᠡ ᠪᠠᠷ ᠣᠷᠣᠵᠤ ᠭᠠᠷᠬᠤ ᠺᠣᠳ᠋ ᠢ ᠰᠢᠷᠪᠢᠵᠦ ᠳ᠋ᠦᠩᠨᠡᠨ ᠪᠤᠳᠤᠬᠤ ᠬᠡᠷᠡᠭᠲᠡᠶ᠃      ᠬᠡᠷᠪᠡ ᠠᠶᠠᠨᠴᠢᠨ ᠠᠳᠡᠭᠦᠷᠡᠭᠰᠡᠨ ᠠᠴᠠ ᠪᠣᠯᠵᠣ ᠭᠠᠭᠴᠠ ᠲᠠᠯ᠎ᠠ ᠶᠢᠨ ᠠᠷᠠᠯᠵᠢᠶ᠎ᠠ ᠡᠭᠦᠰᠦᠭᠰᠡᠨ ᠪᠠᠶᠢᠪᠠᠯ᠂ ᠵᠠᠬᠢᠶᠠᠯᠠᠭ᠎ᠠ ᠡᠭᠦᠰᠦᠭᠰᠡᠨ 5 ᠡᠳᠦᠷ ᠤᠨ ᠳᠠᠷᠠᠭ᠎ᠠ᠂ ᠬᠡᠷᠡᠭᠯᠡᠭᠴᠢ ᠳᠤ ᠴᠥᠮ ᠮᠥᠩᠭᠦ ᠳᠥᠯᠥᠬᠦ ᠶᠢ ᠰᠠᠨᠠᠭᠤᠯᠳᠠᠭ︔ ᠬᠡᠷᠪᠡ ᠠᠶᠠᠨᠴᠢᠳ ᠮᠦᠡᠭᠭᠦ ᠨᠦᠭᠦᠭᠰᠡᠨ ᠥᠬᠡᠶ ᠪᠠᠶᠢᠪᠠᠯ᠂ ᠰᠢᠰᠲ᠋ᠧᠮ ᠨᠢ 11 ᠡᠳᠦᠷ ᠤᠨ ᠳᠠᠷᠠᠭ᠎ᠠ ᠲᠣᠰ ᠠᠷᠠᠯᠵᠢᠶ᠎ᠠ ᠶᠢ ᠠᠶᠠᠨᠳᠠᠭᠠᠨ ᠨᠥᠬᠦᠪᠥᠷᠢᠯᠡᠭᠦ ᠶᠢᠨ ᠬᠠᠮᠲᠤ ᠥᠪᠡᠰᠦᠪᠡᠨ ᠰᠦᠢᠳᠬᠡᠯ ᠬᠠᠰᠤᠨ᠎ᠠ ︵ᠲᠣᠰ ᠥᠷᠲᠡᠭᠡᠨ ᠤ ᠬᠠᠮᠤᠭ ᠤᠨ ᠳᠣᠤᠷ᠎ᠠ ᠪᠢᠯᠧᠲ ᠤᠨ ᠦᠨ᠎ᠡ︶᠃ ᠣᠨᠴᠠᠭᠠᠶᠢᠯᠠᠨ ᠠᠩᠬᠠᠷᠬᠤ ᠴᠢᠬᠤᠯᠠᠲᠠᠶ ᠵᠦᠢᠯ ᠭᠡᠪᠡᠯ᠂ ᠠᠶᠠᠨᠴᠢᠳ ᠨᠢᠭᠡ ᠪᠠᠶᠢᠭᠠᠯᠢ ᠰᠠᠷ᠎ᠠ ᠶᠢᠨ ᠳᠣᠲᠣᠷ᠎ᠠ ᠭᠤᠷᠪᠠ ᠤᠳᠠᠭ᠎ᠠ ᠪᠦᠷᠢᠨ ᠪᠤᠰᠤ ᠠᠷᠠᠯᠵᠢᠶᠠᠨ ᠤ ᠲᠡᠮᠳᠡᠭᠯᠡᠯ ᠢ ᠪᠤᠢ ᠪᠤᠯᠭᠠᠬᠰᠠᠨ᠂ ᠲᠤᠬᠠᠶᠢᠯᠠᠪᠠᠯ ᠲᠠᠩ ᠭᠠᠭᠴᠠ ᠠᠶᠠᠯᠠᠯ ᠤᠨ ᠶᠠᠪᠤᠴᠠ ᠳᠤ ᠦᠷᠳᠡᠭᠡᠨ ᠳᠤ ᠣᠷᠣᠬᠤ ᠪᠠ ᠥᠷᠲᠡᠭᠡᠨ ᠠᠴᠠ ᠭᠠᠷᠬᠤ ᠺᠣᠳ᠋ ᠰᠢᠷᠪᠢᠬᠦ ᠮᠡᠳᠡᠭᠡ ᠵᠠᠩᠭᠢ ᠳᠤᠲᠠᠭᠳᠠᠭᠰᠠᠨ ᠤ ᠳᠠᠷᠠᠭ᠎ᠠ᠂ 4 ᠳ᠋ᠤᠭᠡᠷ ᠤᠳᠠᠭ᠎ᠠ ︵4 ᠳ᠋ᠤᠭᠡᠷ ᠤᠳᠠᠭ᠎ᠠ ᠪᠠᠭᠲᠠᠨ᠎ᠠ︶ ᠠᠴᠠ ᠡᠬᠢᠯᠡᠨ ᠵᠠᠮ ᠤᠨ ᠰᠦᠯᠵᠢᠶ᠎ᠡ ᠶᠢᠨ ᠬᠠᠮᠤᠭ ᠤᠨ ᠥᠨᠳᠥᠷ ᠪᠢᠯᠧᠲ ᠤᠨ ᠦᠨ᠎ᠡ ᠪᠠᠷ ᠵᠠᠷᠤᠳᠠᠯ ᠢ ᠠᠶᠠᠨᠳᠠᠭᠠᠨ  ᠨᠦᠭᠦᠵᠦ ᠬᠠᠰᠤᠨ᠎ᠠ᠃      ᠡᠭᠦᠨ ᠠᠴᠠ ᠭᠠᠳᠠᠨ᠎ᠠ᠂ ᠬᠤᠶᠠᠷ ᠠᠳᠠᠯᠢ ᠪᠤᠰᠤ App ᠢ ᠬᠤᠯᠢᠯᠳᠤᠭᠤᠯᠤᠨ ᠰᠢᠷᠪᠢᠪᠡᠯ ᠭᠠᠭᠴᠠ ᠲᠠᠯ᠎ᠠ ᠶᠢᠨ ᠠᠷᠠᠯᠵᠢᠶ᠎ᠠ ᠪᠣᠯᠵᠣ ᠪᠦᠷᠢᠯᠳᠦᠬᠦ ᠠᠴᠠ ᠭᠠᠳᠠᠨ᠎ᠠ᠂ ᠪᠣᠳᠠᠲᠤ ᠴᠣᠭᠴᠠ ᠶᠢᠨ ᠪᠢᠯᠧᠲ ᠤᠨ ᠺᠠᠷᠲ ᠢ App ᠤᠨ ᠬᠤᠶᠠᠷ ᠬᠡᠮᠵᠢᠯᠳᠦ ᠺᠣᠳ᠋ ᠲᠠᠢ ᠬᠤᠯᠢᠯᠳᠤᠭᠤᠯᠤᠨ ᠬᠡᠷᠡᠭᠯᠡᠵᠦ᠂ ᠪᠤᠰᠤᠳ ᠢ ᠰᠡᠭᠦᠯᠳᠡᠨ ᠳᠠᠭᠠᠵᠤ ᠥᠷᠲᠡᠭᠡᠨ ᠳᠤ ᠤᠷᠤᠵᠤ ᠥᠷᠲᠡᠭᠡ ᠠᠴᠠ ᠭᠠᠷᠪᠠᠯ ᠴᠥᠮ ᠭᠠᠭᠴᠠ ᠲᠠᠯ᠎ᠠ ᠶᠢᠨ ᠠᠷᠠᠯᠵᠢᠶ᠎ᠠ ᠪᠣᠯᠵᠣ ᠪᠦᠷᠢᠯᠳᠦᠨ᠎ᠡ᠃http://mongol.people.com.cn/15835392.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ