ᠮᠠᠨ ᠤ ᠬᠤᠲᠠ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ  ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠠᠵᠢᠯ ᠢ ᠡᠮᠬᠢ ᠵᠢᠷᠤᠮ ᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/1/19
     ︵ᠰᠤᠷᠪᠤᠯᠵᠢᠯᠠᠭᠴᠢ ᠰᠦᠩ ᠰᠢᠶᠠᠩ ᠬᠤᠸᠠ︶ ︽ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ  ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 2019 ᠣᠨ ᠤ 12 ᠳ᠋ᠤᠭᠠᠷ ᠰᠠᠷ᠎ᠠ ᠶᠢᠨ 31 ᠤ ᠡᠳᠦᠷ ᠢᠶᠠᠷ ᠪᠠᠷᠢᠮᠵᠢᠶ᠎ᠠ ᠪᠣᠯᠭᠠᠨ᠂ ᠪᠦᠬᠦ ᠣᠷᠣᠨ ᠤ ᠡᠯ᠎ᠡ ᠱᠠᠲᠤᠨ ᠤ ᠲᠡᠰ ᠤᠨ ᠤᠯᠤᠰ ᠤᠨ ᠥᠮᠴᠢᠯᠡᠯᠲᠦ ᠵᠢᠴᠢ ᠤᠯᠤᠰ ᠠᠴᠠ ᠬᠤᠪᠢ ᠡᠵᠡᠮᠳᠡᠭᠰᠡᠨ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ︵ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠤ ᠠᠬᠤᠶᠢᠯᠠᠯ᠂ ᠰᠣᠶᠣᠯ ᠤᠨ ᠠᠵᠤ ᠠᠵᠤ ᠠᠬᠤᠶᠢᠯᠠᠯ ᠵᠢᠴᠢ ᠠᠰᠲᠠᠭᠠᠨ ᠲᠣᠭᠲᠠᠭᠠᠯ ᠲᠠᠢ ᠶᠢ ᠪᠠᠭᠲᠠᠭᠠᠬᠤ ᠦᠭᠡᠢ︶ ᠶᠢᠨ ᠤᠯᠤᠰ ᠤᠨ ᠬᠤᠪᠢᠴᠠᠭᠠᠨ ᠤ ᠡᠷᠬᠡ ᠶᠢᠨ 10% ᠶᠢ ᠥᠪᠥᠷ ᠮᠣᠩᠭᠤᠯ ᠤᠨ ᠤᠯᠤᠰ ᠤᠨ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠳᠤ ᠰᠢᠯᠵᠢᠭᠦᠯᠦᠨ᠎ᠡ᠃ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ  ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠪᠠᠷ ᠳᠠᠮᠵᠢᠨ᠂ ᠰᠦᠢᠳᠬᠡᠯ ᠲᠤᠰᠢᠶᠠᠭᠰᠠᠨ ᠬᠤᠭᠤᠴᠠᠭ᠎ᠠ ᠪᠠᠷ ᠦᠵᠡᠬᠦ ᠲᠥᠷᠥ ᠶᠢᠨ ᠪᠣᠳᠣᠯᠭ᠎ᠠ ᠶᠢ ᠬᠡᠷᠡᠭᠵᠢᠬᠦᠯᠦᠭᠰᠡᠨ ᠠᠴᠠ ᠪᠣᠯᠣᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤ ᠶᠢ ᠨᠥᠬᠦᠪᠦᠷᠢᠯᠡᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠰᠢᠨᠵᠢ ᠴᠢᠨᠠᠷ ᠢ ᠬᠤᠪᠢᠷᠠᠭᠤᠯᠬᠤ ᠦᠭᠡᠢ ᠤᠷᠢᠳᠠᠯ ᠳᠣᠣᠷ᠎ᠠ ᠤᠯᠤᠰ ᠤᠨ ᠥᠮᠴᠢᠯᠡᠯᠲᠦ ᠬᠥᠷᠥᠩᠭᠡ ᠶᠢᠨ ᠣᠯᠠᠨ ᠡᠰᠢᠵᠢᠭᠰᠡᠨ ᠡᠵᠡᠮᠳᠡᠯ ᠢ ᠪᠡᠶᠡᠯᠡᠭᠦᠯᠬᠦ ᠪᠣᠯᠣᠨ᠎ᠠ᠃ ᠬᠤᠲᠠ ᠶᠢᠨ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠣᠯᠣᠭᠠᠶᠢᠯᠠᠬᠤ ᠰᠠᠯᠠᠭ᠎ᠠ ᠮᠥᠴᠢᠷ ᠤᠨ ᠬᠤᠪᠢ ᠪᠠᠷ ᠰᠢᠯᠵᠢᠭᠦᠯᠬᠦ ᠠᠵᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃      ᠨᠢᠭᠡ ᠳᠤ ᠬᠡᠷᠡᠭᠵᠢᠭᠦᠯᠬᠦ ᠲᠥᠰᠥᠯ ᠢ ᠲᠣᠯᠣᠭᠠᠶᠢᠯᠠᠨ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ ᠪᠠ ᠮᠠᠨ ᠤ ᠬᠤᠲᠠ ᠶᠢᠨ ᠬᠤᠯᠪᠣᠭᠳᠠᠯ ᠪᠦᠬᠦᠢ ᠴᠣᠬᠤᠯᠠᠪᠤᠷᠢ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2020 ᠣᠨ ᠤ ᠳᠡᠭᠡᠷ᠎ᠡ ᠬᠠᠭᠠᠰ ᠵᠢᠯ ︽ᠬᠥᠬᠡᠬᠤᠲᠠ ᠶᠢᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ  ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠬᠡᠷᠡᠭᠵᠢᠭᠦᠯᠬᠦ ᠲᠥᠰᠥᠯ︾ ᠢ ᠲᠣᠯᠣᠭᠠᠶᠢᠯᠠᠨ ᠨᠣᠣᠷᠠᠭᠯᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠳᠤ ᠳᠡᠪᠰᠢᠭᠦᠯᠦᠨ ᠬᠢᠨᠠᠨ ᠵᠥᠪᠰᠢᠶᠡᠷᠡᠭᠦᠯᠵᠦ᠂ ᠬᠤᠲᠠ ᠶᠢᠨ ᠵᠠᠰᠠᠭ ᠤᠨ ᠣᠷᠳᠣᠨ ︵ᠬᠥᠬᠡᠬᠤᠲᠠ ᠵᠠᠰᠠᠭ ᠲᠠᠷᠬᠠᠭᠠᠭᠰᠠᠨ ﹇2020﹈ 14 ᠳ᠋ᠦ᠋ᠭᠡᠷ  ᠲᠣᠭᠠᠲᠤ︶ ᠪᠢᠴᠢᠭ ᠮᠠᠲ᠋ᠧᠷᠢᠶᠠᠯ ᠢᠶᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ ᠬᠤᠶᠠᠷ ᠲᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠵᠣᠬᠢᠶᠠᠨ ᠪᠠᠶᠢᠭᠤᠯᠪᠠ᠃ ︽ᠬᠥᠬᠡᠬᠤᠲᠠ ᠶᠢᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ  ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠬᠡᠷᠡᠭᠵᠢᠭᠦᠯᠬᠦ ᠲᠥᠰᠥᠯ︾ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠯ᠎ᠡ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ ᠠᠴᠠ ᠥᠪᠡᠷ ᠤᠨ ᠬᠠᠷᠢᠶ᠎ᠠ ᠤᠯᠤᠰ ᠤᠨ ᠥᠮᠴᠢᠯᠡᠯᠲᠦ ᠵᠢᠴᠢ ᠤᠯᠤᠰ ᠠᠴᠠ ᠬᠤᠪᠢ ᠡᠵᠡᠮᠳᠡᠭᠰᠡᠨ ᠠᠵᠤ ᠠᠬᠤᠶᠢᠯᠠᠯ ᠳᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠰᠢᠯᠵᠢᠭᠦᠯᠬᠦ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠨᠡᠷᠡᠰ ᠪᠠ ᠬᠤᠪᠢᠴᠠᠭᠠᠨ ᠤ ᠡᠷᠬᠡ ᠶᠢ ᠰᠢᠯᠵᠢᠭᠦᠯᠬᠦ ᠲᠥᠰᠥᠯ ᠳᠤᠷᠠᠳᠪᠠ᠃ ᠭᠤᠷᠪᠠ ᠳᠤ ᠬᠤᠪᠢᠴᠠᠭᠠᠨ ᠤ ᠡᠷᠬᠡ ᠶᠢ ᠰᠢᠯᠵᠢᠭᠦᠯᠬᠦ ᠶᠢᠨ ᠠᠩᠬᠠᠨ ᠤ ᠬᠢᠨᠠᠯᠲᠠ ᠶᠢ ᠰᠠᠶᠢᠨ ᠬᠢᠪᠡ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠤᠨ ᠡᠯ᠎ᠡ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠤᠰᠢᠭᠤ ᠰᠢᠶᠠᠨ ᠲᠣᠭᠤᠷᠢᠭ ︵ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ ᠤᠨ ᠳᠤᠷᠠᠳᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠬᠤᠪᠢᠴᠠᠭᠠᠨ ᠤ ᠡᠷᠬᠡ ᠶᠢ ᠰᠢᠯᠵᠢᠭᠦᠯᠬᠦ ᠲᠥᠰᠥᠯ ᠳᠤ ᠠᠩᠬᠠᠨ ᠤ ᠬᠢᠨᠠᠯᠲᠠ ᠬᠢᠪᠡ᠃ ᠬᠤᠲᠠ ᠶᠢᠨ ᠲᠤᠰ ᠱᠠᠲᠤᠨ ᠠᠴᠠ ᠴᠦᠨ ᠬᠤᠸᠠ ᠤᠰᠤᠨ ᠤ ᠶᠠᠪᠤᠳᠠᠯ ᠤᠨ ᠨᠡᠭᠡᠭᠡᠨ ᠬᠥᠭᠵᠢᠭᠦᠯᠬᠦ ᠪᠦᠯᠦᠭᠯᠡᠯᠲᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠨᠡᠶᠢᠲᠡ 4 ᠠᠵᠤ ᠠᠬᠤᠶᠢᠯᠠᠯ ᠰᠢᠯᠵᠢᠭᠦᠯᠬᠦ ᠨᠥᠬᠦᠴᠡᠯ ᠳᠤ ᠨᠡᠶᠢᠴᠡᠪᠡ᠃ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠵᠦ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠬᠢᠨᠠᠨ ᠨᠤᠲᠠᠯᠠᠭᠤᠯᠪᠠ᠃ ᠳᠥᠷᠪᠡ ᠳᠤ ᠬᠤᠪᠢᠴᠠᠭᠠᠨ ᠤ ᠡᠷᠬᠡ ᠶᠢᠨ ᠳᠠᠩᠰᠠᠯᠠᠯ ᠢ ᠬᠤᠪᠢᠷᠠᠭᠤᠯᠬᠤ ᠶᠢ ᠱᠠᠯᠠᠪᠳᠠᠪᠠ᠃ ᠥᠪᠡᠷᠲᠡᠭᠡᠨ ᠵᠠᠰᠠᠬᠤ ᠣᠷᠣᠨ ᠤ ᠬᠢᠨᠠᠨ ᠨᠤᠲᠠᠯᠠᠯᠲᠠ ᠪᠠᠷ᠂ ᠮᠠᠨ ᠤ ᠬᠤᠲᠠ ᠶᠢᠨ ᠴᠦᠨ ᠬᠤᠸᠠ ᠤᠰᠤᠨ ᠤ ᠶᠠᠪᠤᠳᠠᠯ ᠤᠨ ᠨᠡᠭᠡᠭᠡᠨ ᠬᠥᠭᠵᠢᠭᠦᠯᠬᠦ ᠪᠦᠯᠦᠭᠯᠡᠯᠲᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠭᠲᠠᠭᠠᠭᠰᠠᠨ ᠬᠤᠲᠠ ᠶᠢᠨ ᠱᠠᠲᠤᠨ ᠤ 4 ᠤᠯᠤᠰ ᠤᠨ ᠥᠮᠴᠢᠯᠡᠯᠲᠦ ᠠᠵᠤ ᠠᠬᠤᠶᠢᠯᠠᠯ ᠰᠢᠯᠵᠢᠭᠦᠯᠬᠦ ᠬᠦᠷᠢᠶ᠎ᠡ ᠬᠡᠪᠴᠢᠶᠡᠨ ᠳᠤ ᠣᠷᠣᠪᠠ᠃ ᠠᠵᠢᠯ ᠤᠨ ᠴᠤᠪᠤᠷᠠᠯ ᠶᠣᠰᠣᠭᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠥᠪᠥᠷ ᠮᠣᠩᠭᠤᠯ ᠤᠨ ᠤᠯᠤᠰ ᠤᠨ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠲᠠᠢ ︽ᠬᠤᠪᠢᠴᠠᠭᠠᠨ ᠤ ᠡᠷᠬᠡ ᠶᠢ ᠬᠢᠨᠠᠨ ᠬᠠᠮᠢᠶᠠᠷᠬᠤ ᠵᠥᠪᠳᠡᠯᠴᠡᠭᠡᠷ︾ ᠲᠣᠭᠲᠠᠵᠤ᠂ ᠡᠯ᠎ᠡ ᠰᠢᠯᠵᠢᠭᠦᠯᠬᠦ ᠠᠵᠤ ᠠᠬᠤᠶᠢᠯᠠᠯ ᠳᠤ ︽ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠳᠣᠲᠣᠷ᠎ᠠ ᠶᠢᠨ ᠶᠠᠪᠤᠴᠠ ᠶᠢ ᠥᠩᠭᠡᠷᠡᠭᠡᠵᠦ᠂ ᠠᠵᠤ ᠠᠬᠤᠶᠢᠯᠠᠯ ᠤᠨ ᠥᠮᠴᠢ ᠶᠢᠨ ᠡᠷᠬᠡ ᠪᠠ ᠬᠤᠪᠢᠴᠠᠭᠠᠨ ᠤ ᠡᠷᠬᠡ ᠶᠢᠨ ᠳᠠᠩᠰᠠᠯᠠᠯ ᠢ ᠬᠤᠪᠢᠷᠠᠭᠤᠯᠬᠤ ᠶᠢ ᠲᠣᠭᠲᠠᠭᠰᠠᠨ ᠴᠠᠭ ᠲᠠᠭᠠᠨ ᠪᠡᠶᠡᠯᠡᠭᠦᠯᠬᠦ ᠶᠢ ᠱᠠᠭᠠᠷᠳᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号