︵ᠰᠤᠷᠪᠤᠯᠵᠢᠯᠠᠭᠴᠢ ᠸᠠᠩ ᠵᠦᠩ ᠵᠸᠦ︶ ᠨᠠᠶᠢᠷᠠᠭᠤᠯᠤᠭᠴᠢᠳ ᠪᠠ ᠪᠦᠬᠦ ᠬᠤᠲᠠ ᠶᠢᠨ ᠭᠠᠵᠠᠷ ᠤᠨ | ᠨᠡᠷᠡᠰ ᠤᠨ ᠠᠵᠢᠯᠲᠠᠳ ᠤᠨ ᠬᠤᠶᠠᠷ ᠵᠢᠯ ᠭᠠᠷᠤᠢ ᠶᠢᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ︽ | ᠬᠥᠬᠡᠬᠤᠲᠠ ᠶᠢᠨ ᠭᠠᠵᠠᠷ ᠤᠨ ᠨᠡᠷᠡᠰ ᠤᠨ ᠲᠡᠮᠳᠡᠭᠯᠡᠯ︾ ᠢ ᠣᠷᠴᠢᠮᠬᠠᠨ ᠬᠡᠪᠯᠡᠨ ᠲᠠᠷᠬᠠᠭᠠᠪᠠ᠃ | ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠬᠡᠪᠯᠡᠭᠰᠡᠨ ︽ᠬᠥᠬᠡᠬᠤᠲᠠ ᠶᠢᠨ ᠭᠠᠵᠠᠷ ᠤᠨ ᠨᠡᠷᠡᠰ ᠤᠨ | ᠲᠡᠮᠳᠡᠭᠯᠡᠯ︾ ᠳᠤ ᠨᠡᠶᠢᠲᠡ 5373 ᠭᠠᠵᠠᠷ ᠤᠨ ᠨᠡᠷᠡᠰ ᠢ ᠣᠷᠣᠭᠤᠯᠤᠨ᠂ 28 ᠭᠠᠵᠠᠷ ᠤᠨ ᠵᠢᠷᠤᠭ᠂ 45 ᠭᠡᠷᠡᠯ | ᠵᠢᠷᠤᠭ ᠬᠠᠪᠰᠤᠷᠭᠠᠵᠤ᠂ ᠪᠦᠬᠦ ᠲᠠᠯ᠎ᠠ ᠶᠢᠨ᠂ ᠰᠢᠰᠲ᠋ᠧᠮ ᠲᠠᠢ᠂ ᠨᠠᠷᠢᠨ ᠪᠣᠳᠠᠲᠠᠢ ᠮᠠᠲ᠋ᠧᠷᠢᠶᠠᠯ ᠢᠶᠠᠷ ᠭᠠᠵᠠᠷ ᠤᠨ | ᠨᠡᠷ᠎ᠡ ᠶᠢᠨ ᠢᠷᠡᠯ᠂ ᠬᠥᠭᠵᠢᠯᠲᠡ ᠬᠤᠪᠢᠷᠠᠯᠲᠠ ᠪᠠ ᠪᠣᠳᠠᠲᠠᠢ ᠪᠠᠶᠢᠳᠠᠯ ᠢ ᠪᠤᠰᠤᠳᠴᠢ ᠦᠨᠡᠨ ᠪᠣᠳᠠᠲᠠᠢ ᠲᠡᠮᠳᠡᠭᠯᠡᠵᠡᠢ᠃ | ᠡᠭᠦᠨ ᠤ ᠬᠠᠮᠲᠤ ᠭᠠᠵᠠᠷ ᠤᠨ ᠨᠡᠷ᠎ᠡ ᠶᠢᠨ ᠰᠤᠶᠤᠯ ᠤᠨ ᠠᠭᠤᠯᠬᠤᠨ ᠢ ᠭᠦᠢᠴᠡᠳ ᠠᠭᠤᠳᠠᠯᠵᠤ᠂ ᠭᠠᠵᠠᠷ ᠣᠷᠣᠨ ᠤ | ᠣᠨᠴᠠᠯᠢᠭ ᠪᠠ ᠦᠨᠳᠦᠰᠦᠲᠡᠨ ᠤ ᠣᠨᠴᠠᠯᠢᠭ ᠢ ᠳᠣᠪᠣᠶᠢᠯᠭᠠᠨ᠂ ᠬᠥᠬᠡᠬᠤᠲᠠ ᠶᠢᠨ ᠰᠢᠯᠢᠳᠡᠭ ᠭᠠᠵᠠᠷ ᠤᠨ ᠨᠡᠷ᠎ᠡ ᠶᠢᠨ | ᠰᠣᠶᠣᠯ ᠤᠨ ᠥᠪ ᠢ ᠤᠯᠠᠮᠵᠢᠯᠠᠵᠤ ᠬᠠᠮᠠᠭᠠᠯᠠᠵᠠᠢ᠃ | ︽ᠬᠥᠬᠡᠬᠤᠲᠠ ᠶᠢᠨ ᠭᠠᠵᠠᠷ ᠤᠨ ᠨᠡᠷᠡᠰ ᠤᠨ ᠲᠡᠮᠳᠡᠭᠯᠡᠯ︾ ᠤᠨ ᠬᠡᠪᠯᠡᠭᠳᠡᠭᠰᠡᠨ ᠨᠢ᠂ ᠭᠠᠵᠠᠷ ᠤᠨ ᠨᠡᠷ᠎ᠡ ᠶᠢᠨ | ᠬᠠᠮᠢᠶᠠᠷᠤᠯᠲᠠ ᠶᠢ ᠵᠢᠷᠤᠮᠵᠢᠭᠤᠯᠬᠤ᠂ ᠭᠠᠵᠠᠷ ᠤᠨ ᠨᠡᠷ᠎ᠡ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠬᠤ | ᠂ ᠭᠠᠵᠠᠷ ᠤᠨ ᠨᠡᠷ᠎ᠡ ᠶᠢᠨ ᠰᠣᠶᠣᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ ᠭᠠᠳᠠᠭᠠᠳᠤ ᠲᠠᠢ | ᠬᠠᠷᠢᠯᠴᠠᠬᠤ ᠶᠢ ᠠᠬᠢᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠥᠮ ᠲᠤᠶᠢᠯ ᠤᠨ | ᠴᠢᠬᠤᠯᠠ ᠠᠴᠢ ᠬᠤᠯᠪᠣᠭᠳᠠᠯ ᠲᠠᠢ ᠶᠤᠮ᠃ | |