ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠯᠢᠦ ᠷᠦᠢ ᠬᠤᠩ ᠷᠦ᠋ ᠢ ᠨᠡᠶᠢᠭᠡᠮ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/1/20
     2021 ᠣᠨ ᠤ 1 ᠳ᠋ᠦ᠋ᠭᠡᠷ ᠰᠠᠷ᠎ᠠ ᠶᠢᠨ 15 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠯᠢᠦ ᠷᠦᠢ ᠬᠤᠩ ᠳᠤᠭᠤᠶᠢᠯᠠᠩ ᠳᠠᠭᠠᠭᠤᠯᠤᠨ ᠷᠦ᠋ ᠢ ᠨᠡᠶᠢᠭᠡᠮ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠵᠤᠴᠢᠨ ᠤᠬᠲᠤᠬᠤ ᠰᠢᠨ᠎ᠡ ᠵᠠᠮ ᠤᠨ ᠵᠡᠭᠡᠯᠢ ᠭᠤᠳᠤᠮᠵᠢ ᠶᠢᠨ ᠲᠦᠷ ᠴᠠᠭ ᠲᠤᠰᠢᠶᠠᠯ ᠡᠭᠦᠷᠭᠡᠯᠡᠬᠦ ᠳᠡᠳ᠋ ᠱᠦᠵᠢ ᠮᠠ ᠹᠠᠩ᠂ ᠷᠦ᠋ ᠢ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠵᠢᠶᠠᠨ ᠫᠢᠩ ᠪᠠᠷ᠎ᠠ ᠪᠣᠯᠪᠠ᠃      ᠯᠢᠦ ᠷᠦᠢ ᠬᠤᠩ ᠨᠡᠷ ᠷᠦ᠋ ᠢ ᠨᠡᠶᠢᠭᠡᠮ ᠲᠣᠭᠤᠷᠢᠭ ᠤᠨ ᠬᠤᠭ ᠤᠨ ᠰᠠᠪᠠ ᠶᠢ ᠪᠠᠶᠢᠷᠢᠰᠢᠭᠤᠯᠤᠭᠰᠠᠨ ᠪᠠ ᠲᠠᠯᠪᠢᠭᠰᠠᠨ ᠪᠠᠶᠢᠳᠠᠯ ᠨᠢ ᠵᠣᠬᠢᠰᠲᠠᠶ ᠡᠰᠡᠬᠦ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠨᠡᠶᠢᠭᠡᠮ ᠲᠣᠭᠤᠷᠢᠭ ᠤᠨ ᠵᠢᠵᠢᠭ ᠠᠭᠤᠳᠠᠮ ᠲᠠᠯᠠᠪᠠᠶ ᠳᠤ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠢᠳᠡᠪᠬᠢᠲᠡᠶ ᠣᠷᠣᠯᠴᠠᠭᠤᠯᠵᠤ᠂ ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠠᠶᠢᠩᠭᠤᠵᠢᠭᠤᠯᠵᠤ᠂ ᠪᠦᠲᠦᠮᠵᠢᠲᠡᠶ ᠨᠠᠶᠢᠳᠠᠪᠤᠷᠢᠵᠢᠭᠤᠯᠤᠨ ᠠᠬᠢᠭᠤᠯᠪᠠ᠃      ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠯᠢᠦ ᠷᠦᠢ ᠬᠤᠩ ᠷᠦ᠋ ᠢ ᠨᠡᠶᠢᠭᠡᠮ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠨᠤᠲᠠᠯᠠᠭᠰᠠᠨ ᠪᠥᠭᠡᠳ ᠲᠠᠷᠠᠭᠠᠴᠢ ᠶᠢᠨ ᠠᠵᠢᠯ ᠢ ᠥᠷᠨᠢᠭᠦᠯᠬᠦ ᠳᠤ ᠡᠷᠬᠢᠮ ᠨᠠᠨᠳᠢᠨ ᠰᠠᠨᠠᠯ ᠳᠤᠷᠠᠳᠪᠠ᠃ ᠯᠢᠦ ᠷᠦᠢ ᠬᠤᠩ᠄ ᠬᠤᠭ ᠨᠣᠪᠰᠢ ᠶᠢ ᠲᠥᠷᠥᠯ ᠬᠤᠪᠢᠶᠠᠬᠤ ᠪᠣᠯ ᠨᠢᠭᠡ  ᠵᠣᠶᠢᠯ ᠤᠨ ᠣᠷᠳᠣ ᠬᠤᠭᠤᠴᠠᠭᠠᠨ ᠤ ᠠᠵᠢᠯ ᠮᠥᠨ᠂ ᠲᠠᠰᠤᠷᠠᠯᠲᠠ ᠥᠬᠡᠶ ᠰᠦᠪᠡᠭᠴᠢᠯᠡᠨ ᠰᠤᠷᠤᠯᠴᠠᠵᠤ᠂ ᠰᠢᠯᠢᠳᠡᠭ ᠬᠤᠭ ᠨᠣᠪᠰᠢ ᠶᠢ ᠲᠥᠷᠥᠯ ᠬᠤᠪᠢᠶᠠᠭᠰᠠᠨ ᠠᠮᠵᠢᠯᠲᠠ ᠲᠠᠢ ᠲᠤᠷᠰᠢᠯᠭ᠎ᠠ ᠪᠠᠷ ᠲᠣᠯᠢ ᠪᠣᠯᠭᠠᠬᠤ ᠬᠡᠷᠡᠭᠲᠡᠶ᠃ ᠨᠡᠶᠢᠭᠡᠮ ᠲᠣᠭᠤᠷᠢᠭ ᠨᠢ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠣᠶᠢᠯᠠᠭᠠᠵᠤ ᠮᠡᠳᠡᠬᠦ ᠨᠣᠷᠮ᠎ᠠ ᠶᠢ ᠳᠡᠭᠡᠭᠰᠢᠯᠡᠭᠦᠯᠦᠨ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠬᠤᠭ ᠨᠣᠪᠰᠢ ᠬᠠᠶᠠᠬᠤ ᠠᠵᠢᠯᠯᠠᠭ᠎ᠠ ᠶᠢ ᠨᠢ ᠬᠤᠪᠢᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠨᠠᠩ ᠰᠠᠶᠢᠨ ᠣᠷᠣᠯᠴᠠᠭᠤᠯᠵᠤ᠂ ᠰᠠᠶᠢᠨ ᠰᠠᠶᠢᠬᠠᠨ ᠬᠡᠷ ᠣᠷᠣᠨ ᠢ ᠡᠭᠦᠳᠦᠨ ᠪᠠᠶᠢᠭᠤᠯᠬᠤ ᠳᠤ ᠥᠴᠦᠬᠡᠨ ᠬᠦᠴᠦ ᠪᠠᠨ ᠡᠷᠭᠦᠬᠦ ᠬᠡᠷᠡᠭᠲᠡᠶ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号