ᠬᠥᠬᠡᠬᠤᠲᠠ ᠶᠢᠨ ︽ᠰᠢᠭᠦᠬᠦ ᠬᠤᠷᠢᠶ᠎ᠠ + ᠠᠵᠢᠯᠴᠢᠨ ᠤ ᠡᠪᠯᠡᠯ︾ ᠤᠨ ᠵᠠᠭᠠᠯᠳᠤᠯᠭ᠎ᠠ ᠶᠢᠨ ᠡᠶᠡᠳᠡᠭᠦᠯᠭᠡ ᠶᠢᠨ ᠵᠠᠭᠪᠤᠷ ᠨᠢ ᠬᠥᠳᠡᠯᠮᠦᠷᠢ ᠶᠢᠨ ᠮᠠᠷᠭᠤᠯᠳᠤᠭᠠᠨ ᠢ ᠰᠢᠢᠳᠪᠦᠷᠢᠯᠡᠬᠦ ᠶᠢ ᠨᠡᠩ ᠲᠦᠭᠦᠮ ᠲᠦᠲᠡ ᠪᠤᠯᠭᠠᠪᠠ
ᠨᠡᠶᠢᠲᠡᠯᠡᠭᠰᠡᠨ ᠴᠠᠭ᠄
2021/1/20
      ᠥᠪᠥᠷ ᠮᠣᠩᠭᠤᠯ ᠤᠨ ᠡᠳᠦᠷ ᠤᠨ ᠰᠣᠨᠢᠨ ᠤ 1 ᠰᠠᠷ᠎ᠠ ᠶᠢᠨ 18 ᠤ ᠡᠳᠦᠷ ᠤᠨ ᠮᠡᠳᠡᠭᠡ ︵ᠰᠤᠷᠪᠤᠯᠵᠢᠯᠠᠭᠴᠢ ᠰᠤ᠋ ᠶᠦᠩ ᠱᠧᠩ︶ ᠰᠤᠷᠪᠤᠯᠵᠢᠯᠠᠭᠴᠢ ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠠᠴᠠ ᠣᠶᠢᠯᠠᠭᠠᠭᠰᠠᠨ ᠢᠶᠠᠷ᠂ 2020 ᠣᠨ ᠳᠤ ᠬᠥᠬᠡᠬᠤᠲᠠ ᠳᠤ ︽ᠰᠢᠭᠦᠬᠦ ᠬᠤᠷᠢᠶ᠎ᠠ + ᠠᠵᠢᠯᠴᠢᠨ ᠤ ᠡᠪᠯᠡᠯ︾ ᠤᠨ ᠬᠥᠳᠡᠯᠮᠦᠷᠢ ᠶᠢᠨ ᠮᠠᠷᠭᠤᠯᠳᠤᠭᠠᠨ ᠤ ᠵᠠᠭᠠᠯᠳᠤᠯᠭ᠎ᠠ ᠶᠢᠨ ᠡᠶᠡᠳᠡᠭᠦᠯᠭᠡ ᠶᠢᠨ ᠨᠢᠭᠡ ᠵᠦᠢᠯ ᠤᠨ ᠠᠵᠢᠯ ᠤᠨ ᠵᠠᠭᠪᠤᠷ ᠨᠢ ᠶᠠᠭ ᠲᠠᠰᠤᠷᠠᠯᠲᠠ ᠥᠬᠡᠶ ᠬᠡᠷᠡᠭᠵᠢᠭᠦᠯᠦᠭᠳᠡᠵᠦ ᠪᠠᠶᠢᠬᠤ ᠪᠥᠭᠡᠳ ᠢᠳᠡᠪᠬᠢᠲᠡᠶ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ᠃      ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠤ᠂ ᠬᠥᠳᠡᠯᠮᠦᠷᠢ ᠶᠢᠨ ᠮᠠᠷᠭᠤᠯᠳᠤᠭᠠᠨ ᠢ ᠰᠢᠢᠳᠪᠦᠷᠢᠯᠡᠬᠦ ᠵᠢᠷᠤᠮ ᠲᠠᠷᠠᠭᠠᠯᠠᠯ ᠢ ᠳᠥᠭᠦᠮᠴᠢᠯᠡᠬᠦ ᠶᠢᠨ ᠲᠦᠯᠦᠭᠡ᠂ ᠠᠷᠠᠳ ᠤᠨ ᠳᠡᠭᠡᠳᠦ ᠰᠢᠭᠦᠬᠦ ᠬᠤᠷᠢᠶ᠎ᠠ ᠪᠣᠯᠤᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠬᠡᠰᠡᠭ ᠭᠠᠵᠠᠷ ᠣᠷᠣᠨ ᠳᠤ ᠬᠥᠳᠡᠯᠮᠦᠷᠢ ᠶᠢᠨ ᠮᠠᠷᠭᠤᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠢ ᠰᠠᠨᠠᠯ︾ ᠤᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠬᠦᠴᠦᠲᠡᠶ ᠳᠡᠮᠵᠢᠯᠭᠡ ᠳᠣᠤᠷ᠎ᠠ᠂ 2020 ᠣᠨ ᠳᠤ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ 150 ᠲᠦᠮᠡᠨ ᠲᠥᠭᠦᠷᠢᠭ ᠤᠨ ᠵᠠᠭᠠᠯᠳᠤᠯᠭ᠎ᠠ ᠡᠶᠡᠳᠡᠭᠦᠯᠭᠡ ᠶᠢ ᠵᠤᠯᠭᠠᠭᠤᠯᠬᠤ ᠲᠤᠰᠬᠠᠢ ᠪᠡᠯᠡ ᠮᠥᠩᠭᠦ ᠭᠠᠷᠭᠠᠵᠤ᠂ 6 ᠲᠤᠷᠰᠢᠯᠲᠠ ᠶᠢᠨ ᠬᠤᠰᠢᠭᠤ ᠰᠢᠶᠠᠨ ᠲᠣᠭᠤᠷᠢᠭ ᠲᠤ ᠬᠥᠳᠡᠯᠮᠦᠷᠢ ᠶᠢᠨ ᠮᠠᠷᠭᠤᠯᠳᠤᠭᠠᠨ ᠤ ᠵᠠᠭᠠᠯᠳᠤᠯᠭ᠎ᠠ ᠶᠢᠨ ᠡᠶᠡᠳᠡᠭᠦᠯᠭᠡ ᠶᠢᠨ ᠠᠵᠢᠯ ᠤᠨ ᠲᠠᠰᠤᠭ ᠭᠠᠷᠭᠠᠪᠠ᠂ ᠠᠵᠢᠯᠯᠠᠬᠤ ᠲᠠᠰᠤᠭ ᠪᠦᠷᠢ ᠳᠤ 4 ᠠᠴᠠ 6 ᠡᠶᠡᠳᠡᠭᠦᠯᠦᠭᠴᠢ ᠪᠠ ᠪᠢᠴᠢᠭᠡᠴᠢ ᠶᠢ ᠰᠣᠩᠭᠤᠨ ᠲᠤᠮᠢᠯᠠᠵᠤ᠂ ᠡᠶᠡᠳᠡᠭᠦᠯᠬᠦ ᠠᠵᠢᠯ ᠵᠢᠴᠢ ᠡᠳᠦᠷ ᠲᠤᠲᠤᠮ ᠤᠨ ᠬᠡᠷᠡᠭ ᠤᠨ ᠡᠪᠬᠡᠮᠡᠯ ᠢ ᠡᠮᠬᠢᠯᠡᠬᠦ ᠪᠠ ᠰᠢᠭᠦᠬᠦ ᠬᠤᠷᠢᠶ᠎ᠠ ᠲᠠᠢ ᠵᠣᠯᠭᠠᠯᠴᠠᠭᠤᠯᠵᠤ ᠬᠠᠷᠢᠯᠴᠠᠬᠤ ᠠᠵᠢᠯ ᠢ ᠥᠷᠨᠢᠭᠦᠯᠪᠡ᠃ ᠡᠯ᠎ᠡ ᠲᠤᠷᠰᠢᠯᠲᠠ ᠶᠢᠨ ᠭᠠᠵᠠᠷ ᠣᠷᠣᠨ ᠤ ᠠᠵᠢᠯᠴᠢᠨ ᠤ ᠡᠪᠯᠡᠯ ᠨᠢ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠭᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠯᠮᠦᠷᠢ ᠶᠢᠨ ᠮᠠᠷᠭᠤᠯᠳᠤᠭᠠᠨ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠠᠬᠢᠭᠤᠯᠪᠠ᠃ ᠡᠯ᠎ᠡ ᠰᠢᠭᠦᠬᠦ ᠬᠤᠷᠢᠶ᠎ᠠ ᠬᠡᠷᠡᠭ ᠪᠣᠯᠭᠠᠨ ᠳᠠᠩᠰᠠᠯᠠᠵᠤ ᠰᠠᠯᠭᠠᠨ ᠬᠤᠪᠢᠶᠠᠷᠢᠯᠠᠬᠤ᠂ ᠨᠠᠶᠢᠳᠠᠨ ᠲᠣᠮᠢᠯᠠᠬᠤ᠂ ᠬᠡᠷᠡᠭ ᠢ ᠡᠶᠡᠳᠡᠭᠦᠯᠬᠦ᠂ ᠬᠠᠤᠯᠢ ᠪᠠᠷᠢᠬᠤ ᠨᠤᠲᠠᠯᠠᠯᠲᠠ ᠬᠢᠬᠦ᠂ ᠭᠦᠢᠴᠡᠳᠬᠡᠭᠦᠯᠬᠦ ᠪᠠᠷ ᠭᠤᠶᠤᠴᠢᠯᠠᠬᠤ ᠵᠡᠷᠭᠡ ᠡᠯ᠎ᠡ ᠭᠤᠭᠴᠤᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠥᠳᠡᠯᠮᠦᠷᠢ ᠶᠢᠨ ᠮᠠᠷᠭᠤᠯᠳᠤᠭᠠᠨ ᠤ ᠡᠶᠡᠳᠡᠭᠦᠯᠭᠡ ᠶᠢᠨ ᠠᠵᠢᠯ ᠢ ᠨᠡᠩ ᠥᠨᠳᠥᠷ ᠪᠦᠲᠦᠮᠵᠢᠲᠡᠢ ᠪᠦᠭᠡᠳ ᠳᠥᠭᠦᠮ ᠳᠥᠲᠡ ᠪᠣᠯᠭᠠᠪᠠ᠃ ᠣᠳᠣᠬᠠᠨ ᠪᠣᠯᠲᠠᠯ᠎ᠠ᠂ ᠡᠯ᠎ᠡ ᠲᠤᠷᠰᠢᠯᠲᠠ ᠶᠢᠨ ᠬᠤᠰᠢᠭᠤ ᠰᠢᠶᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ 34.6 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠦᠲᠡᠯᠮᠦᠷᠢ ᠶᠢᠨ ᠪᠠ ᠬᠥᠳᠡᠯᠮᠦᠷᠢ ᠦᠢᠯᠡᠴᠢᠯᠡᠭᠡᠨ ᠤ ᠮᠠᠷᠭᠤᠯᠳᠤᠭᠠᠨ ᠤ 204 ᠬᠡᠷᠡᠭ ᠢ ᠨᠢᠬᠡᠨᠲᠡ ᠭᠥᠯᠢᠶᠡᠨ ᠠᠪᠴᠤ᠂ 103 ᠬᠡᠷᠡᠭ ᠢ ᠠᠮᠵᠢᠯᠲᠠ ᠲᠠᠢ ᠡᠶᠡᠳᠡᠭᠦᠯᠵᠦ᠂ 132 ᠠᠵᠢᠯᠲᠠᠨ ᠠᠵᠢᠯᠴᠢᠨ ᠳᠤ ᠬᠤᠯᠪᠣᠭᠳᠠᠵᠤ᠂ ᠠᠵᠢᠯᠲᠠᠨ ᠠᠵᠢᠯᠴᠢᠨ ᠳᠤ 394 ᠲᠦᠮᠡ ᠭᠠᠷᠤᠶ ᠲᠥᠭᠦᠷᠢᠭ ᠤᠨ ᠠᠵᠤ ᠠᠬᠤᠶ ᠶᠢᠨ ᠨᠥᠬᠦᠪᠥᠷᠢ ᠮᠥᠩᠭᠦ ᠵᠡᠷᠭᠡ ᠵᠠᠷᠤᠳᠠᠯ ᠢ ᠨᠡᠬᠡᠮᠵᠢᠯᠡᠨ ᠠᠪᠴᠢᠷᠠᠪᠠ᠃      ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠨᠢᠭᠡ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ 2021 ᠣᠨ ᠳᠤ ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠣᠲᠣ ᠶᠢᠨ ᠪᠠᠶᠢᠭ᠎ᠠ 6 ᠲᠤᠷᠰᠢᠯᠲᠠ ᠶᠢᠨ ᠬᠤᠰᠢᠭᠤ ᠰᠢᠶᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ︽ᠰᠢᠭᠦᠬᠦ ᠬᠤᠷᠢᠶ᠎ᠠ + ᠠᠵᠢᠯᠴᠢᠨ ᠤ ᠡᠪᠯᠡᠯ︾ ᠤᠨ ᠵᠠᠭᠠᠯᠳᠤᠯᠭ᠎ᠠ ᠶᠢᠨ ᠡᠶᠡᠳᠡᠭᠦᠯᠭᠡ ᠶᠢᠨ ᠵᠠᠭᠪᠤᠷ ᠤᠨ ᠠᠵᠢᠯ ᠤᠨ ᠲᠤᠷᠰᠢᠯᠭ᠎ᠠ ᠶᠢ ᠨᠡᠯᠢᠶᠡᠳ ᠪᠣᠯᠪᠠᠰᠤᠷᠠᠩᠭᠤᠶ ᠪᠣᠯᠭᠠᠬᠰᠠᠨ ᠰᠠᠭᠤᠷᠢᠨ ᠳᠡᠭᠡᠷ᠎ᠡ᠂ ᠬᠤᠷᠢᠨᠭᠡᠷ ᠰᠢᠶᠠᠨ᠂ ᠦᠴᠦᠧᠠᠨ ᠰᠢᠶᠠᠨ᠂ ᠴᠢᠩ ᠱᠦᠶ ᠾᠧ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠢ ᠨᠡᠮᠡᠭᠳᠡᠭᠦᠯᠵᠦ᠂ ᠪᠥᠬᠦ ᠬᠤᠲᠠ ᠶᠢᠨ ᠬᠡᠪᠴᠢᠶᠡᠨ ᠳᠤ ︽ᠰᠢᠭᠦᠬᠦ ᠬᠤᠷᠢᠶ᠎ᠠ + ᠠᠵᠢᠯᠴᠢᠨ ᠤ ᠡᠪᠯᠡᠯ︾ ᠤᠨ ᠬᠥᠳᠡᠯᠮᠦᠷᠢ ᠶᠢᠨ ᠮᠠᠷᠭᠤᠯᠳᠤᠭᠠᠨ ᠤ ᠵᠠᠭᠠᠯᠳᠤᠯᠭ᠎ᠠ ᠡᠶᠡᠳᠡᠭᠦᠯᠭᠡ ᠶᠢ ᠵᠣᠯᠭᠠᠭᠤᠯᠬᠤ ᠠᠵᠢᠯ ᠢ ᠥᠷᠨᠢᠭᠦᠯᠦᠨ᠎ᠡ︔ ᠡᠭᠦᠨ ᠤ ᠬᠠᠮᠲᠤ ᠬᠥᠬᠡᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠠᠶᠢᠭᠤᠯᠤᠭᠰᠠᠨ ᠬᠠᠤᠯᠢ ᠴᠠᠭᠠᠵᠠ ᠶᠢᠨ ᠭᠠᠵᠠᠷ ᠲᠠᠢ ᠵᠣᠯᠭᠠᠭᠤᠯᠵᠤ᠂ ᠬᠥᠳᠡᠯᠮᠦᠷᠢ ᠶᠢᠨ ᠮᠠᠷᠭᠤᠯᠳᠤᠭᠠᠨ ᠤ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠠᠤᠯᠢ ᠴᠠᠭᠠᠵᠠ ᠶᠢᠨ ᠭᠠᠵᠠᠷ ᠲᠤ ᠬᠦᠷᠲᠡᠯ᠎ᠡ ᠤᠷᠲᠤᠳᠬᠠᠵᠤ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃http://mongol.people.com.cn/15835619.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号