ᠬᠤᠷᠢᠨᠭᠡᠷ ᠰᠢᠨ᠎ᠡ ᠲᠣᠭᠤᠷᠢᠭ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/1/20
ᠯᠥᠸᠧ ᠴᠢᠩ ᠣᠷᠣᠯᠴᠠᠪᠠ     ︵ᠰᠤᠷᠪᠤᠯᠵᠢᠯᠠᠭᠴᠢ ᠯᠢᠦ ᠯᠢ ᠰᠢᠶᠠ︶ 1 ᠳ᠋ᠦ᠋ᠭᠡᠷ ᠰᠠᠷ᠎ᠠ ᠶᠢᠨ 19 ᠤ ᠡᠳᠦᠷ᠂ ᠬᠤᠷᠢᠨᠭᠡᠷ ᠰᠢᠨ᠎ᠡ ᠲᠣᠭᠤᠷᠢᠭ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠨᠡᠶᠢᠲᠡ 5 ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠨ᠂ ᠶᠡᠷᠦᠩᠬᠡᠢ ᠪᠡᠯᠡ ᠣᠷᠣᠭᠤᠯᠤᠯᠲᠠ 52.15 ᠳ᠋ᠦᠩᠰᠢᠭᠤᠷ ᠲᠥᠭᠦᠷᠢᠭ ᠬᠦᠷᠪᠡ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠡᠳ᠋ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠥᠸᠧ ᠴᠢᠩ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃      ᠲᠤᠰ ᠤᠳᠠᠭᠠᠨ ᠤ ᠲᠥᠪᠯᠡᠷᠡᠭᠦᠯᠦᠨ ᠭᠡᠷ᠎ᠡ ᠲᠣᠭᠲᠠᠬᠤ ᠳᠤ ᠣᠳᠣ ᠦᠶ᠎ᠡ ᠶᠢᠨ ᠠᠮᠢᠳᠤ ᠪᠣᠳᠠᠰ ᠤᠨ ᠮᠡᠷᠭᠡᠵᠢᠯ ᠂ ᠦᠨᠳᠦᠰᠦᠲᠡᠨ ᠤ ᠡᠮ ᠡᠮᠨᠡᠯᠭᠡ ᠶᠢᠨ ᠠᠵᠤ ᠦᠢᠯᠡᠰ᠂ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡ ᠵᠡᠷᠭᠡ ᠬᠦᠷᠢᠶ᠎ᠡ ᠴᠠᠷᠠᠭ᠎ᠠ ᠬᠤᠯᠪᠣᠭᠳᠠᠵᠠᠢ᠃ ᠡᠭᠦᠨ ᠤ ᠳᠣᠲᠣᠷ᠎ᠠ᠂ ᠪᠡᠭᠡᠵᠢᠩ ᠤᠨ ᠪᠥᠸᠧ ᠬᠤᠢ ᠴᠤᠸᠠᠩ ᠰᠢᠨ ᠠᠮᠢᠳᠤ ᠪᠣᠳᠠᠰ ᠤᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠰᠢᠨ᠎ᠡ ᠲᠣᠭᠤᠷᠢᠭ ᠲᠤ ᠣᠳᠣ ᠦᠶ᠎ᠡ ᠶᠢᠨ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠢ ᠪᠦᠲᠦᠭᠡᠨ ᠪᠠᠶᠢᠭᠤᠯᠤᠨ᠎ᠠ᠃ ᠲᠤᠰ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠴᠢᠰᠤᠨ ᠤ ᠦᠢᠯᠡᠳᠬᠦᠨ ᠤ ᠠᠵᠢᠯ ᠲᠥᠷᠥᠯ ᠤᠨ ᠬᠤᠭᠤᠰᠤᠨ ᠢ ᠨᠥᠬᠦᠪᠦᠷᠢᠯᠡᠬᠦ ᠪᠣᠯᠣᠨ᠎ᠠ᠃ ᠭᠦᠢᠵᠧᠦ ᠶᠢᠨ ᠪᠠᠢ ᠯᠢᠩ ᠠᠵᠤ ᠠᠬᠤᠶᠢᠯᠠᠯ ᠤᠨ ᠪᠦᠯᠦᠭᠯᠡᠯ ᠤᠨ ᠡᠮ ᠦᠢᠯᠡᠳᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠰᠢᠨ᠎ᠡ ᠲᠣᠭᠤᠷᠢᠭ ᠲᠤ ᠶᠢᠨ ᠯᠢᠩ ᠦᠨᠳᠦᠰᠦᠲᠡᠨ ᠤ ᠡᠮ ᠡᠮᠨᠡᠯᠭᠡ ᠶᠢᠨ ᠠᠵᠤ ᠦᠢᠯᠡᠰ ᠤᠨ ᠰᠠᠭᠤᠷᠢᠨ ᠲᠥᠷᠥᠯ ᠵᠦᠢᠯ ᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠲᠣᠮᠣ ᠳ᠋ᠠᠶᠢᠲ᠋ᠠ ᠪᠠ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ᠂ ᠮᠣᠩᠭᠤᠯ ᠬᠢᠲᠠᠳ ᠡᠮ ᠡᠮᠨᠡᠯᠭᠡ ᠶᠢ ᠨᠡᠭᠡᠭᠡᠨ ᠰᠤᠳᠤᠯᠬᠤ ᠪᠠ ᠥᠪᠥᠷ ᠮᠣᠩᠭᠤᠯ ᠤᠨ ᠡᠮ ᠡᠮᠨᠡᠯᠭᠡ ᠶᠢᠨ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠬᠦ ᠶᠢ ᠠᠬᠢᠭᠤᠯᠬᠤ ᠪᠣᠯᠣᠨ᠎ᠠ᠃ ᠥᠪᠥᠷ ᠮᠣᠩᠭᠤᠯ ᠤᠨ ᠳ᠋ᠠ ᠰᠢ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠦᠲᠦᠭᠡᠨ ᠪᠠᠶᠢᠭᠤᠯᠬᠤ ᠲᠥᠷᠥᠯ ᠵᠦᠢᠯ ᠨᠢ ᠪᠡᠶᠡᠯᠡᠭᠳᠡᠭᠰᠡᠨ ᠤ ᠳᠠᠷᠠᠭ᠎ᠠ ᠪᠦᠬᠦ ᠤᠯᠤᠰ ᠤᠨ ᠠᠮᠢᠳᠤ ᠪᠣᠳᠠᠰ ᠤᠨ ᠦᠢᠯᠡᠳᠬᠦᠨ ᠤ ᠠᠵᠤ ᠠᠬᠤᠶᠢᠯᠠᠯ᠂ ᠡᠮ ᠡᠮᠨᠡᠯᠭᠡ ᠶᠢᠨ ᠠᠵᠤ  ᠠᠬᠤᠶᠢᠯᠠᠯ ᠵᠢᠴᠢ ᠰᠤᠳᠤᠯᠭᠠᠨ ᠤ ᠪᠠᠶᠢᠭᠤᠯᠤᠮᠵᠢ ᠳᠤ ᠰᠠᠶᠢᠨ ᠴᠢᠨᠠᠷ ᠤᠨ ᠠᠮᠢᠲᠠᠨ ᠤ ᠴᠢᠰᠤᠨ  ᠴᠠᠶᠢᠪᠠᠩ᠂ ᠬᠦᠮᠦᠵᠢᠬᠦᠯᠦᠭᠴᠢ ᠡᠳ᠋ ᠵᠡᠷᠭᠡ ᠪᠦᠲᠦᠭᠡᠭᠳᠡᠬᠦᠨ ᠪᠠ ᠠᠮᠢᠳᠤ ᠪᠣᠳᠠᠰ ᠤᠨ ᠮᠡᠷᠭᠡᠵᠢᠯ ᠤᠨ ᠦᠢᠯᠡᠴᠢᠯᠡᠭᠡ ᠬᠠᠩᠭᠠᠬᠤ ᠪᠣᠯᠣᠨ᠎ᠠ᠃ ᠵᠦᠩ ᠳ᠋ᠠ ᠮᠧᠨ ᠣᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠦᠢᠯᠡᠴᠢᠯᠡᠭᠡ ᠶᠢᠨ ᠬᠢᠵᠠᠭᠠᠷᠲᠤ ᠺᠣᠮᠫᠠᠨᠢ ᠶᠢᠨ ᠪᠦᠲᠦᠭᠡᠨ ᠪᠠᠶᠢᠭᠤᠯᠬᠤ ᠲᠥᠷᠥᠯ ᠵᠦᠢᠯ ᠨᠢ ᠬᠢᠯᠢ ᠠᠯᠤᠰᠯᠠᠭᠰᠠᠨ ᠴᠠᠬᠢᠮ ᠠᠷᠠᠯᠵᠢᠶᠠᠨ ᠤ ᠨᠢᠰᠬᠡᠯ ᠬᠦᠯᠦᠰᠦᠯᠡᠬᠦ ᠪᠠ ᠤᠯᠤᠰ ᠬᠤᠭᠤᠷᠣᠨᠳᠤᠬᠢ ᠠᠴᠢᠶᠠᠨ ᠤ ᠮᠠᠰᠢᠨ ᠭᠠᠯᠲᠤ ᠲᠡᠷᠭᠡ ᠶᠢᠨ  ᠠᠵᠢᠯ ᠲᠥᠷᠥᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号