ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2021/1/20
      ︵ᠰᠤᠷᠪᠤᠯᠵᠢᠯᠠᠭᠴᠢ ᠹᠧᠩ ᠶᠠᠨ ᠫᠢᠩ︶ 1 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠤᠨ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠢᠭᠡᠳ ᠨᠢᠭᠡ ᠪᠠᠷ ᠦᠨᠡᠯᠡᠯᠲᠡ ᠬᠢᠪᠡ᠃      ᠸᠠᠩ ᠯᠢ ᠰᠢᠶᠠ ᠶᠠᠷᠢᠶᠠᠨ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠪᠦᠬᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠥᠨᠳᠥᠷ ᠠᠴᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠦᠨᠡᠨᠬᠦ ᠴᠢᠬᠤᠯᠠ ᠡᠭᠦᠷᠭᠡ ᠪᠣᠯᠭᠠᠨ ᠦᠨᠡᠨ ᠠᠳᠬᠤᠵᠤ ᠦᠨᠡᠨ ᠬᠢᠬᠦ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠢᠭᠡᠳᠦᠭᠡᠷ ᠤᠳᠤᠷᠢᠳᠤᠯᠭ᠎ᠠ ᠰᠡᠳᠬᠢᠯ ᠳᠡᠭᠡᠨ ᠲᠥᠷᠥᠯ ᠵᠦᠢᠯ ᠢ ᠪᠣᠳᠣᠵᠤ᠂ ᠪᠠᠶᠢᠳᠠᠯ ᠢᠶᠠᠨ ᠲᠣᠳᠣᠷᠬᠠᠢ ᠮᠡᠳᠡᠵᠦ᠂ ᠠᠬᠢᠴᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠨᠠᠷᠢᠨ ᠬᠢᠨᠠᠮᠠᠭᠠᠢ ᠲᠥᠯᠥᠪᠯᠡᠨ ᠰᠡᠳᠦᠵᠦ᠂ ᠬᠠᠲᠠᠭᠤ ᠲᠠᠢ ᠵᠣᠷᠢᠭᠲᠠᠢ ᠲᠤᠯᠤᠨ᠂ ᠪᠦᠬᠦ ᠬᠤᠲᠠ ᠳᠤ ᠬᠤᠳᠠᠯᠳᠤᠭᠠᠴᠢᠨ ᠤᠷᠢᠬᠤ ᠶᠢ ᠶᠡᠬᠡᠪᠡᠷ ᠠᠳᠬᠤᠬᠤ ᠢᠳᠡᠪᠬᠢ ᠪᠠᠶᠢᠳᠠᠯ ᠢ ᠪᠤᠢ ᠪᠣᠯᠭᠠᠵᠤ᠂  ᠡᠷᠴᠢ ᠬᠦᠴᠦ ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠬᠦᠷᠢᠶᠡᠯᠡᠩ ᠲᠣᠭᠤᠷᠢᠭ ᠤᠨ ᠲᠤᠭᠤᠷᠢᠨ ᠳᠤ ᠠᠷᠭ᠎ᠠ ᠭᠠᠷᠭᠠᠨ ᠠᠵᠢᠯ ᠬᠢᠵᠦ᠂ ᠦᠢᠯᠡᠴᠢᠯᠡᠭᠡ ᠪᠠᠨ ᠳᠡᠭᠡᠭᠰᠢᠯᠡᠭᠦᠯᠬᠦ ᠳᠡᠭᠡᠷ᠎ᠡ ᠤᠯᠠᠮ ᠨᠢᠭᠡ ᠠᠯᠬᠤᠮ ᠬᠦᠴᠦᠯᠡᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠠᠮᠢᠭ᠎ᠠ ᠤᠷᠢᠵᠤ ᠠᠪᠴᠢᠷᠠᠬᠤ︾ ᠠᠰᠠᠭᠤᠳᠠᠯ ᠢ ᠦᠨᠡᠨᠬᠦ ᠰᠠᠶᠢᠨ ᠰᠢᠢᠳᠪᠦᠷᠢᠯᠡᠬᠦ ᠬᠡᠷᠡᠭᠲᠡᠢ᠃ ᠠᠵᠤ ᠦᠢᠯᠡᠰ ᠢᠶᠠᠷ ᠭᠤᠣᠯᠯᠠᠭᠤᠯᠤᠨ ᠬᠤᠳᠠᠯᠳᠤᠭᠠᠴᠢᠨ ᠤᠷᠢᠬᠤ ᠶᠢ ᠠᠳᠬᠤᠵᠤ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠣᠨᠴᠠᠯᠢᠭ ᠢ ᠳᠣᠪᠣᠶᠢᠯᠭᠠᠨ᠂ ᠠᠵᠤ ᠦᠢᠯᠡᠰ ᠤᠨ ᠬᠥᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠨ ᠳᠡᠭᠡᠷ᠎ᠡ ᠳᠣᠣᠷ᠎ᠠ ᠤᠷᠤᠰᠬᠠᠯ ᠤᠨ ᠬᠤᠳᠠᠯᠳᠤᠭᠠᠴᠢᠨ ᠤᠷᠢᠬᠤ ᠠᠵᠢᠯ ᠢ ᠰᠠᠶᠢᠨ ᠬᠢᠵᠦ᠂ ︽ᠶᠠᠮᠠᠷ ᠬᠤᠳᠠᠯᠳᠤᠭᠠᠴᠢᠨ ᠤᠷᠢᠬᠤ︾ ᠠᠰᠠᠭᠤᠳᠠᠯ ᠢ ᠰᠠᠶᠢᠬᠠᠨ ᠰᠢᠢᠳᠪᠦᠷᠢᠯᠡᠬᠦ ᠬᠡᠷᠡᠭᠲᠡᠢ᠃ ᠳᠠᠪᠠᠭᠤᠯᠢᠭ ᠲᠠᠯ᠎ᠠ ᠳᠤ ᠪᠠᠨ ᠠᠷᠭ᠎ᠠ ᠤᠬᠠᠭᠠᠨ ᠭᠠᠷᠭᠠᠨ᠂ ᠴᠢᠨᠠᠷᠯᠢᠭ ᠲᠥᠪ ᠬᠤᠲᠠ᠂ ᠵᠣᠯ ᠵᠢᠷᠭᠠᠯᠲᠤ ᠲᠥᠪ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠣᠰᠣᠭᠠᠷ᠂ ᠲᠥᠪ ᠬᠤᠲᠠ ᠶᠢᠨ ᠣᠳᠣᠬᠢᠴᠢᠯᠠᠭᠰᠠᠨ ᠦᠢᠯᠡᠴᠢᠯᠡᠭᠡ ᠶᠢᠨ ᠠᠵᠢᠯ ᠢ ᠰᠠᠶᠢᠨ ᠬᠢᠵᠦ᠂ ᠰᠠᠶᠢᠬᠠᠨ ᠬᠢᠵᠦ᠂ ᠨᠠᠷᠢᠯᠢᠭ ᠬᠢᠵᠦ᠂ ᠰᠢᠯᠢᠳᠡᠭ ᠬᠢᠵᠦ᠂ ᠣᠨᠴᠠᠭᠠᠢ ᠬᠢᠬᠦ ᠬᠡᠷᠡᠭᠲᠡᠢ᠃ ᠦᠯᠡᠳᠡᠭᠳᠡᠯ ᠠᠰᠠᠭᠤᠳᠠᠯ ᠳᠤ ᠬᠠᠨᠳᠤᠭᠤᠯᠤᠨ ᠡᠳ᠋ ᠬᠥᠷᠥᠩᠭᠡ ᠶᠢ ᠠᠮᠢᠯᠠᠭᠤᠯᠵᠤ᠂ ᠬᠠᠳᠠᠭᠠᠯᠠᠮᠵᠢ ᠶᠢ ᠠᠮᠢᠯᠠᠭᠤᠯᠬᠤ ︽ᠤᠭᠰᠠᠷᠠᠭ᠎ᠠ ᠴᠣᠬᠢᠯᠲᠠ︾ ᠶᠢ ᠦᠨᠡᠨᠬᠦ ᠰᠠᠶᠢᠨ ᠬᠢᠵᠦ᠂ ︽ᠢᠴᠡᠭᠡᠯᠡᠵᠦ ᠪᠠᠶᠢᠭ᠎ᠠ ᠡᠬᠢ ᠪᠠᠶᠠᠯᠢᠭ︾ ᠢ ᠬᠥᠷᠥᠩᠭᠡ ᠪᠡᠯᠡ ᠮᠥᠩᠭᠦ ᠠᠵᠤ ᠦᠢᠯᠡᠰ ᠲᠥᠷᠥᠯ ᠵᠦᠢᠯ ᠪᠣᠯᠭᠠᠨ ᠬᠤᠪᠢᠷᠠᠭᠤᠯᠵᠤ᠂ ᠠᠮᠢᠯᠠᠭᠤᠯᠬᠤ ᠠᠵᠤ ᠠᠬᠤᠶᠢᠯᠠᠯ  ᠦᠨᠡᠨᠬᠦ ᠠᠮᠢᠯᠠᠵᠤ᠂ ᠬᠥᠳᠡᠯᠵᠦ᠂ ᠬᠢᠵᠦ ᠡᠬᠢᠯᠡᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠶᠦᠨ ᠬᠠᠢ᠂ ᠯᠢᠦ ᠴᠧᠩ ᠮᠢᠨ᠂ ᠸᠠᠩ ᠬᠤᠤ ᠯᠧᠢ᠂ ᠦ᠋ ᠸᠧᠨ ᠮᠢᠩ᠂ ᠪᠢ ᠭᠥᠸᠧ ᠴᠧᠨ᠂ ᠶᠦᠨ ᠰᠢᠨ ᠮᠢᠩ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠪᠣᠯᠣᠨ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号