ᠥᠪᠥᠷ ᠮᠣᠩᠭᠤᠯ ᠤᠨ 5G ᠠᠵᠤ ᠦᠶᠯᠡᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠬᠤᠷᠢᠨᠭᠡᠷ ᠰᠢᠨ᠎ᠡ ᠲᠣᠭᠤᠷᠢᠭ ᠲᠤ ᠪᠠᠶᠢᠭᠤᠯᠤᠭᠳᠠᠨ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2021/1/20
     1 ᠳ᠋ᠦ᠋ᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠬᠢᠭᠡᠳ ᠴᠠᠬᠢᠯᠭᠠᠨ ᠬᠤᠯᠪᠣᠭ᠎ᠠ᠂ ᠰᠢᠯᠵᠢᠮᠡᠯ ᠬᠤᠯᠪᠣᠭ᠎ᠠ ᠂ ᠨᠢᠭᠡᠳᠦᠮᠡᠯ ᠬᠤᠯᠪᠣᠭ᠎ᠠ᠂ ᠲᠢᠶᠧ ᠲᠠ᠂ ᠬᠤᠸᠠ ᠸᠧᠶ ᠲᠠᠢ ᠬᠤᠯᠪᠣᠭᠠᠯᠠᠨ ᠪᠥᠲᠥᠭᠡᠨ ᠪᠠᠶᠢᠭᠤᠯᠤᠭᠰᠠᠨ ᠪᠥᠬᠦ ᠣᠷᠣᠨ ᠤ ᠠᠩᠬᠠᠳᠠᠭᠴᠢ ︽ᠥᠪᠥᠷ ᠮᠣᠩᠭᠤᠯ  ᠤᠨ 5G ᠠᠵᠤ ᠦᠶᠯᠡᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ︾ ᠰᠢᠨ᠎ᠡ ᠲᠣᠭᠤᠷᠢᠭ ᠲᠤ ᠵᠢᠩᠬᠢᠨᠢ ᠪᠠᠷ ᠢᠯᠡᠷᠬᠡᠶᠢᠯᠡᠯ ᠰᠡᠬᠦᠪᠡ᠃ ᠥᠪᠥᠷ ᠮᠣᠩᠭᠤᠯ  ᠤᠨ 5G + ᠤᠶᠤᠨᠲᠤ ᠠᠭᠤᠷᠬᠠᠶ ᠶᠢᠨ ᠦᠶᠯᠡᠰ ᠤᠨ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ ᠤᠨ ᠴᠠᠬᠢᠯᠭᠠᠨ ᠬᠤᠯᠪᠣᠭ᠎ᠠ ᠶᠢᠨ 5G ᠰᠢᠨ᠎ᠡ ᠶᠢ ᠡᠭᠦᠳᠬᠦ ᠰᠠᠭᠤᠷᠢᠨ ᠭᠠᠵᠠᠷ᠂ ᠥᠪᠥᠷ ᠮᠣᠩᠭᠤᠯ ᠤᠨ ᠰᠢᠯᠵᠢᠮᠡᠯ ᠬᠤᠯᠪᠣᠭ᠎ᠠ ᠶᠢᠨ 5G + ᠠᠵᠢᠯ ᠲᠥᠷᠥᠯ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠰᠠᠭᠤᠷᠢᠨ ᠭᠠᠵᠠᠷ᠂ ᠥᠪᠥᠷ ᠮᠣᠩᠭᠤᠯ ᠤᠨ ᠨᠢᠭᠡᠳᠦᠮᠡᠯ ᠬᠤᠯᠪᠣᠭ᠎ᠠ ᠶᠢᠨ 5Gn ᠰᠢᠨ᠎ᠡ ᠶᠢ ᠡᠭᠦᠳᠬᠦ ᠰᠠᠭᠤᠷᠢᠨ ᠭᠠᠵᠠᠷ᠂ ᠳᠤᠮᠳᠠᠳᠤ ᠤᠯᠤᠰ ᠤᠨ ᠲᠢᠶᠧ ᠲᠠ ᠺᠣᠮᠫᠠᠨᠢ ᠶᠢᠨ 5G ᠰᠢᠨ᠎ᠡ ᠶᠢ ᠡᠭᠦᠳᠬᠦ ᠰᠠᠭᠤᠷᠢᠨ ᠭᠠᠵᠠᠷ᠂ ᠬᠤᠸᠠ ᠸᠧᠶ ᠺᠣᠮᠫᠠᠨᠢ ᠶᠢᠨ ᠬᠤᠷᠢᠨᠭᠡᠷ ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠡᠭᠦᠯᠡᠨ ᠡᠵᠡᠩᠨᠡᠯᠲᠡ ᠶᠢᠨ ᠲᠥᠪ ᠵᠡᠷᠭᠡ ᠨᠢ ᠰᠠᠭᠤᠷᠢᠨ ᠭᠠᠵᠠᠷ ᠲᠤ ᠢᠵᠢᠯ ᠠᠯᠬᠤᠮ ᠢᠶᠠᠷ ᠢᠯᠡᠷᠬᠡᠶᠢᠯᠡᠯ ᠰᠡᠬᠦᠪᠡ᠃ ᠲᠣᠰ ᠰᠠᠭᠤᠷᠢᠨ ᠭᠠᠵᠠᠷ ᠤᠨ ᠠᠰᠢᠭᠯᠠᠯᠲᠠ ᠳᠤ ᠣᠷᠣᠭᠰᠠᠨ ᠨᠢ ᠬᠤᠷᠢᠨᠭᠡᠷ ᠰᠢᠨ᠎ᠡ ᠲᠣᠭᠤᠷᠢᠭ ᠤᠨ ᠲᠣᠭᠠᠴᠢᠯᠠᠭᠰᠠᠨ ᠠᠵᠤ ᠦᠶᠯᠡᠰ ᠤᠨ ᠲᠠᠪᠴᠠᠩ ᠢ ᠴᠣᠭᠴᠠᠯᠠᠬᠤ᠂ 5G ᠠᠵᠤ ᠦᠶᠯᠡᠰ  ᠤᠨ ᠠᠮᠢ ᠠᠬᠤᠶ ᠶᠢ ᠲᠥᠪᠯᠡᠷᠡᠭᠦᠯᠬᠦ᠂ 5G ᠬᠡᠷᠡᠭᠯᠡᠭᠡᠨ ᠢ ᠰᠢᠨᠡᠴᠢᠯᠡᠨ ᠳᠡᠯᠭᠡᠷᠡᠭᠦᠯᠬᠦ ᠲᠠᠯ᠎ᠠ ᠪᠠᠷ ᠪᠠᠰᠠ ᠰᠢᠨ᠎ᠡ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃
     ᠪᠥᠬᠦ ᠣᠷᠣᠨ ᠤ ᠠᠩᠬᠠᠳᠠᠭᠴᠢ ︽ᠥᠪᠥᠷ ᠮᠣᠩᠭᠤᠯ ᠤᠨ 5G ᠠᠵᠤ ᠦᠶᠯᠡᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ︾ ᠰᠢᠨ᠎ᠡ ᠲᠣᠭᠤᠷᠢᠭ  ᠲᠤ ᠵᠢᠩᠬᠢᠨᠢ ᠪᠠᠷ ᠢᠯᠡᠷᠬᠡᠶᠢᠯᠡᠯ ᠰᠡᠬᠦᠪᠡ
     ᠬᠤᠸᠠ ᠸᠧᠶ ᠺᠣᠮᠫᠠᠨᠢ ᠶᠢᠨ ᠬᠤᠷᠢᠨᠭᠡᠷ ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠡᠭᠦᠯᠡᠨ ᠡᠵᠡᠩᠨᠡᠯᠲᠡ ᠶᠢᠨ ᠲᠥᠪ ᠨᠢ ᠰᠠᠭᠤᠷᠢᠨ ᠭᠠᠵᠠᠷ ᠲᠤ ᠢᠯᠡᠷᠬᠡᠶᠢᠯᠡᠯ ᠰᠡᠬᠦᠪᠡ      ᠲᠣᠰ ᠰᠠᠭᠤᠷᠢᠨ ᠭᠠᠵᠠᠷ ᠢ ᠰᠢᠨ᠎ᠡ ᠲᠣᠭᠤᠷᠢᠭ ᠪᠣᠯᠣᠨ ᠴᠠᠬᠢᠯᠭᠠᠨ ᠬᠤᠯᠪᠣᠭ᠎ᠠ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠲᠢᠶᠧ ᠲᠠ᠂ ᠬᠤᠸᠠ ᠸᠧᠶ ᠲᠠᠢ ᠬᠤᠯᠪᠣᠭᠠᠯᠠᠨ ᠬᠠᠮᠲᠤ ᠪᠠᠷ ᠴᠣᠭᠴᠠᠯᠠᠵᠤ᠂ ᠵᠢᠷᠭᠤᠭᠠᠨ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ 5G ᠠᠵᠤ ᠦᠶᠯᠡᠰ ᠤᠨ ᠰᠢᠨ᠎ᠡ ᠶᠢ ᠡᠭᠦᠳᠬᠦ᠂ ᠳᠡᠯᠭᠡᠨ ᠦᠵᠡᠭᠦᠯᠬᠦ᠂ ᠬᠡᠷᠡᠭᠯᠡᠭᠡᠨ ᠤ ᠲᠠᠪᠴᠠᠩ ᠪᠣᠯᠤᠨ᠎ᠠ᠃ ᠰᠠᠭᠤᠷᠢᠨ ᠭᠠᠵᠠᠷ ᠤᠨ ᠬᠢᠨ ᠭᠤᠤᠯᠳᠠᠭᠤ 5G ᠠᠵᠢᠯ ᠲᠥᠷᠥᠯ ᠤᠨ ᠮᠡᠷᠭᠡᠵᠢᠯ ᠢ ᠰᠤᠳᠤᠯᠤᠨ ᠨᠡᠭᠡᠭᠡᠬᠦ᠂ ᠬᠡᠷᠡᠭᠯᠡᠭᠡᠨ ᠤ ᠰᠢᠨ᠎ᠡ ᠶᠢ ᠡᠭᠦᠳᠬᠦ᠂ ᠠᠵᠤ ᠦᠶᠯᠡᠰ ᠢ ᠨᠡᠪᠴᠢᠭᠦᠯᠬᠦ᠂ ᠲᠤᠷᠰᠢᠨ ᠦᠶᠯᠡᠳᠪᠦᠷᠢᠯᠡᠬᠦ ᠪᠠ ᠠᠮᠢ ᠠᠬᠤᠶ ᠶᠢ ᠬᠥᠮᠦᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ 5G ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠬᠡᠷᠡᠭᠯᠡᠭᠡᠨ ᠤ ᠰᠢᠨᠡᠴᠢᠯᠡᠯᠲᠡ᠂ 5G ᠠᠵᠤ ᠦᠶᠯᠡᠰ ᠤᠨ ᠨᠡᠪᠴᠢᠭᠦᠯᠦᠭᠦᠷ ᠢ ᠨᠢᠭᠡ ᠴᠣᠭᠴᠠᠵᠢᠭᠤᠯᠤᠭᠰᠠᠨ 5G ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠪᠠᠷ ᠴᠢᠷᠮᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽5G + ᠤᠶᠤᠨᠲᠤ ᠠᠭᠤᠷᠬᠠᠶ ᠶᠢᠨ ᠦᠶᠯᠡᠰ︾ ᠤᠨ ᠰᠢᠨ᠎ᠡ ᠶᠢ ᠡᠭᠦᠳᠬᠦ ᠲᠥᠪ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠨᠧᠷᠭᠢ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ ᠣᠷᠣᠯᠴᠠᠵᠤ᠂ ᠬᠠᠮᠲᠤ ᠪᠠᠷ ᠵᠣᠬᠢᠶᠠᠨ ᠪᠠᠶᠢᠭᠤᠯᠤᠭᠰᠠᠨ ︽5G + ᠤᠶᠤᠨᠲᠤ ᠠᠭᠤᠷᠬᠠᠶ ᠶᠢᠨ ᠦᠶᠯᠡᠰ︾ ᠤᠨ ᠰᠢᠨ᠎ᠡ ᠶᠢ ᠡᠭᠦᠳᠬᠦ ᠦᠵᠡᠭᠦᠯᠭᠡ  ᠶᠢᠨ ᠲᠥᠪ ᠮᠦᠨ᠂ ᠡᠨᠡ ᠨᠢ ᠵᠣᠬᠢᠶᠠᠮᠠᠯ ᠣᠶᠤᠨ ᠴᠢᠳᠠᠪᠤᠷᠢ᠂ ᠠᠵᠤ ᠦᠶᠯᠡᠳᠪᠦᠷᠢ ᠶᠢᠨ ᠪᠣᠳᠠᠰᠯᠢᠭ ᠬᠤᠯᠪᠣᠭᠠᠲᠤ ᠰᠦᠯᠵᠢᠶ᠎ᠡ᠂ ᠡᠭᠦᠯᠡᠨ ᠪᠤᠳᠤᠯᠲᠠ᠂ ᠲᠣᠮᠣ ᠳ᠋ᠠᠶᠢᠲ᠋ᠠ᠂ ᠮᠠᠰᠢᠨ ᠬᠥᠮᠦᠨ᠂ ᠤᠶᠤᠨᠲᠤ ᠲᠣᠨᠤᠭ ᠲᠥᠬᠦᠭᠡᠷᠦᠮᠵᠢ ᠵᠡᠷᠭᠡ ᠶᠢ ᠣᠲᠣ ᠦᠶ᠎ᠡ ᠶᠢᠨ ᠨᠡᠭᠦᠷᠡᠰᠦᠨ ᠤ ᠨᠡᠬᠡᠬᠡᠨ ᠠᠰᠢᠭᠯᠠᠯᠲᠠ ᠯᠤᠭ᠎ᠠ ᠭᠦᠨ ᠠᠭᠤᠰᠤᠯᠴᠠᠭᠤᠯᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠᠷ ᠴᠢᠷᠮᠠᠶᠢᠨ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠶ ᠶᠢᠨ ᠠᠶᠤᠯ ᠦᠭᠡᠢ ᠦᠢᠯᠡᠳᠪᠦᠷᠢᠯᠡᠯ ᠤᠨ ᠬᠢᠷᠢ ᠲᠥᠪᠰᠢᠨ ᠢ ᠳᠡᠭᠡᠭᠰᠢᠯᠡᠭᠦᠯᠵᠦ᠂ ᠨᠡᠭᠦᠷᠡᠰᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠨ᠎ᠠ᠃ ᠥᠪᠥᠷ ᠮᠣᠩᠭᠤᠯ ᠤᠨ ᠴᠠᠬᠢᠯᠭᠠᠨ ᠬᠤᠯᠪᠣᠭ᠎ᠠ ᠶᠢᠨ 5G ᠰᠢᠨ᠎ᠡ ᠶᠢ ᠡᠭᠦᠳᠬᠦ ᠰᠠᠭᠤᠷᠢᠨ ᠭᠠᠵᠠᠷ᠂ ᠥᠪᠥᠷ ᠮᠣᠩᠭᠤᠯ ᠤᠨ ᠰᠢᠯᠵᠢᠮᠡᠯ ᠬᠤᠯᠪᠣᠭ᠎ᠠ ᠶᠢᠨ 5G + ᠠᠵᠢᠯ ᠲᠥᠷᠥᠯ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠰᠠᠭᠤᠷᠢᠨ ᠭᠠᠵᠠᠷ᠂ ᠥᠪᠥᠷ ᠮᠣᠩᠭᠤᠯ ᠤᠨ ᠨᠢᠭᠡᠲᠦᠮᠡᠯ ᠬᠤᠯᠪᠣᠭ᠎ᠠ ᠶᠢᠨ 5Gn ᠰᠢᠨ᠎ᠡ ᠶᠢ ᠡᠭᠦᠳᠬᠦ ᠰᠠᠭᠤᠷᠢᠨ ᠭᠠᠵᠠᠷ᠂ ᠥᠪᠥᠷ ᠮᠣᠩᠭᠤᠯ ᠤᠨ ᠲᠢᠶᠧ ᠲᠠ ᠺᠣᠮᠫᠠᠨᠢ ᠶᠢᠨ 5G ᠰᠢᠨ᠎ᠡ ᠶᠢ ᠡᠭᠦᠳᠬᠦ ᠰᠠᠭᠤᠷᠢᠨ ᠭᠠᠵᠠᠷ ᠵᠡᠷᠭᠡ ᠨᠢ ᠬᠠᠮᠲᠤ ᠪᠠᠷ ᠴᠢᠷᠮᠠᠶᠢᠵᠤ ᠪᠠᠶᠢᠭᠠᠳ ᠬᠠᠮᠢᠶ᠎ᠠ ᠪᠥᠬᠦᠶ ᠠᠵᠤ ᠠᠬᠤᠶᠢᠯᠠᠯ ᠪᠠ ᠲᠥᠷᠥᠯ ᠵᠦᠶᠯ ᠢ 5G ᠠᠵᠤ ᠦᠶᠯᠡᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ ᠨᠤᠲᠤᠭᠰᠢᠭᠤᠯᠵᠤ᠂ 5G ᠠᠵᠤ ᠦᠶᠯᠡᠰ  ᠤᠨ ᠠᠮᠢ ᠠᠬᠤᠶ ᠶᠢᠨ ᠲᠣᠭᠤᠷᠢᠭ ᠢ ᠴᠢᠷᠮᠠᠶᠢᠨ ᠪᠠᠶᠢᠭᠤᠯᠤᠨ᠎ᠠ᠃ ᠬᠤᠸᠠ ᠸᠧᠶ ᠺᠣᠮᠫᠠᠨᠢ ᠶᠢᠨ ᠬᠤᠷᠢᠨᠭᠡᠷ ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠡᠭᠦᠯᠡᠨ ᠡᠵᠡᠩᠨᠡᠯᠲᠡ ᠶᠢᠨ ᠲᠥᠪ ᠨᠢ ᠲᠣᠰ ᠪᠡᠶ᠎ᠡ ᠶᠢᠨ ᠮᠡᠷᠭᠡᠵᠢᠯ ᠤᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠥᠪᠥᠷ ᠮᠣᠩᠭᠤᠯ ᠤᠨ 5G ᠠᠵᠤ ᠦᠶᠯᠡᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠲᠦᠷᠦᠭᠦᠯᠡᠨ ᠡᠵᠡᠩᠨᠡᠵᠦ᠂ ᠡᠯ᠎ᠡ ᠲᠠᠯ᠎ᠠ ᠶᠢᠨ ᠡᠬᠢ ᠪᠠᠶᠠᠯᠢᠭ ᠪᠠ ᠬᠦᠴᠦᠨ ᠴᠢᠳᠠᠯ ᠢ ᠡᠮᠬᠢᠯᠡᠨ᠂ ᠵᠠᠰᠠᠭ ᠤᠨ ᠶᠠᠪᠤᠳᠠᠯ ᠤᠨ ᠡᠭᠦᠯᠡ᠂ ᠷᠤᠸᠠᠨ ᠺᠠᠢ ᠶᠦᠨ᠂ 5G ᠠᠵᠢᠯ ᠲᠥᠷᠥᠯ ᠤᠨ ᠬᠡᠷᠡᠭᠯᠡᠭᠡ᠂ ᠡᠭᠦᠯᠡᠨ ᠪᠤᠳᠤᠯᠲᠠ᠂ ᠲᠣᠮᠣ ᠳ᠋ᠠᠶᠢᠲ᠋ᠠ ᠶᠢᠨ ᠰᠢᠨ᠎ᠡ ᠶᠢ ᠡᠭᠦᠳᠴᠦ ᠨᠡᠪᠴᠢᠭᠦᠯᠬᠦ ᠵᠡᠷᠭᠡ ᠲᠠᠯ᠎ᠠ ᠪᠠᠷ ᠬᠦᠴᠦᠯᠡᠵᠦ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠦ ᠤᠯᠤᠰ ᠤᠨ ᠬᠡᠪᠴᠢᠶᠡᠨ ᠳᠠᠬᠢ 5G ᠠᠵᠤ ᠦᠶᠯᠡᠰ ᠤᠨ ᠰᠢᠨ᠎ᠡ ᠶᠢ ᠡᠭᠦᠳᠬᠦ ᠥᠨᠳᠦᠷᠯᠢᠭ ᠢ ᠴᠢᠷᠮᠠᠶᠢᠨ ᠴᠣᠭᠴᠠᠯᠠᠨ᠎ᠠ᠃
     ᠥᠪᠥᠷ ᠮᠣᠩᠭᠤᠯ ᠤᠨ 5G ᠠᠵᠤ ᠦᠶᠯᠡᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠦᠵᠡᠭᠦᠯᠭᠡ ᠶᠢᠨ ᠲᠢᠩᠬᠢᠮ      ᠬᠡᠳᠦᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠬᠤᠷᠢᠨᠭᠡᠷ ᠰᠢᠨ᠎ᠡ ᠲᠣᠭᠤᠷᠢᠭ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠪᠠᠷ ᠨᠢᠭᠡᠨᠲᠡ ᠪᠥᠬᠦ ᠣᠷᠣᠨ ᠳᠤ ᠲᠡᠷᠢᠭᠦᠯᠡᠪᠡ᠃ ᠲᠤᠭ᠎ᠠ ᠪᠠᠷᠢᠮᠲᠠ ᠶᠢᠨ ᠲᠥᠪ ᠤᠨ ᠪᠦᠭᠡᠮᠨᠡᠷᠡᠯ ᠤᠨ ᠣᠷᠣᠨ ᠦᠨᠳᠦᠰᠦᠨ ᠳᠡᠭᠡᠨ ᠪᠦᠷᠢᠯᠳᠦᠪᠡ᠃ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠬᠤᠶᠠᠳᠤᠭᠠᠷ ᠬᠤᠭᠤᠴᠠᠭᠠᠨ ᠤ ᠲᠤᠭ᠎ᠠ ᠪᠠᠷᠢᠮᠲᠠ ᠶᠢᠨ ᠲᠥᠪ᠂ ᠳ᠋ᠦᠩ ᠹᠠᠩ ᠭᠦᠸᠧ ᠰᠢᠨ ᠨᠡᠷᠡᠮᠵᠢᠲᠦ ᠤᠮᠠᠷᠠᠲᠤ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠣᠷᠣᠨ ᠪᠦᠰᠡ ᠶᠢᠨ ᠲᠥᠪ ᠤᠨ ᠬᠡᠰᠡᠭ ᠪᠦᠯᠦᠭ ᠢ ᠨᠢᠭᠡᠨᠲᠡ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ︔ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ᠂ ᠬᠥᠳᠡᠭᠡ ᠲᠣᠰᠬᠤᠨ  ᠤ ᠢᠲᠡᠭᠡᠮᠵᠢ ᠶᠢᠨ ᠬᠤᠷᠰᠢᠶ᠎ᠠ ᠵᠡᠷᠭᠡ ᠮᠥᠩᠭᠦᠨ ᠭᠦᠢᠯᠭᠡᠭᠡᠨ ᠤ ᠲᠥᠪ ᠰᠢᠨ᠎ᠡ ᠲᠣᠭᠤᠷᠢᠭ ᠲᠤ ᠨᠤᠲᠤᠭᠰᠢᠵᠤ᠂ ᠳᠤᠮᠳᠠᠳᠤ ᠤᠯᠤᠰ ᠤᠨ ︽ᠮᠥᠩᠭᠦᠨ ᠭᠦᠢᠯᠭᠡᠭᠡᠨ ᠤ ᠡᠭᠦᠯᠡᠨ ᠬᠥᠨᠳᠡᠢ︾ ᠠᠩᠬ᠎ᠠ ᠠᠯᠬᠤᠮ ᠪᠦᠷᠢᠯᠳᠦᠵᠦ᠂ ᠲᠤᠭ᠎ᠠ ᠪᠠᠷᠢᠮᠲᠠ ᠶᠢᠨ ᠲᠥᠪ ᠤᠨ ᠦᠢᠯᠡᠴᠢᠯᠡᠭᠦᠷ ᠤᠨ ᠶᠡᠷᠦᠩᠬᠡᠢ ᠬᠡᠮᠵᠢᠶ᠎ᠡ 163.5 ᠲᠦᠮᠡ ᠳᠤ ᠬᠦᠷᠪᠡ︔ ᠬᠡᠲᠦ ᠪᠣᠳᠣᠯᠭ᠎ᠠ ᠶᠢᠨ ᠪᠥᠭᠡᠮᠨᠡᠷᠡᠯ ᠤᠨ ᠦᠶᠯᠡᠳᠦᠯ ᠠᠯᠬᠤᠮ ᠠᠯᠬᠤᠮ ᠢᠶᠠᠷ ᠢᠯᠡᠷᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠷ ᠴᠢᠳᠡᠪᠬᠢᠳᠦ ᠪᠣᠳᠣᠯᠭ᠎ᠠ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ᠂ ᠳᠣᠷᠣᠨᠠᠳᠠᠬᠢᠨ ᠤ ᠬᠡᠲᠦ ᠪᠣᠳᠣᠯᠭ᠎ᠠ᠂ ᠺᠤᠸᠠᠩ ᠱᠢ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠡᠲᠦ ᠪᠣᠳᠣᠯᠭ᠎ᠠ ᠶᠢᠨ ᠲᠠᠪᠴᠠᠩ ᠨᠢᠭᠡᠨᠲᠡ ᠪᠠᠶᠢᠭᠤᠯᠤᠭᠳᠠᠨ ᠠᠰᠢᠭᠯᠠᠯᠲᠠ ᠳᠤ ᠣᠷᠣᠪᠠ᠂ ᠡᠭᠦᠨ ᠳᠤ ᠥᠪᠥᠷ ᠮᠣᠩᠭᠤᠯ  ᠤᠨ ᠦᠨᠳᠦᠷ ᠴᠢᠳᠡᠪᠬᠢᠳᠦ ᠪᠣᠳᠣᠯᠭ᠎ᠠ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠨᠢ 2020 ᠣᠨ ᠤ ᠳᠤᠮᠳᠠᠳᠤ ᠤᠯᠤᠰ ᠤᠨ ᠦᠨᠳᠦᠷ ᠴᠢᠳᠡᠪᠬᠢᠳᠦ ᠺᠣᠮᠫᠢᠦ᠋ᠲ᠋ᠧᠷ ᠤᠨ ᠴᠢᠳᠠᠪᠬᠢ TO100 ᠪᠣᠯᠤᠨ ᠣᠯᠠᠨ ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢᠨ ᠴᠢᠳᠠᠪᠬᠢ AIPerf500 ᠶᠢᠨ ᠵᠢᠭᠰᠠᠭᠠᠯᠲᠠ ᠳᠤ ᠲᠣᠰ ᠲᠣᠰ ᠳᠥᠷᠪᠡᠳᠦᠭᠡᠷ ᠪᠠ ᠵᠢᠷᠭᠤᠳᠤᠭᠠᠷ ᠲᠤ ᠲᠣᠳᠣᠷᠠᠪᠠ᠃ ᠲᠣᠭᠠᠴᠢᠯᠠᠭᠰᠠᠨ ᠠᠵᠤ ᠠᠬᠤᠶ ᠶᠢᠨ ᠠᠵᠤ ᠠᠬᠤᠶᠢᠯᠠᠯ ᠤᠨ ᠲᠥᠷᠥᠯ ᠵᠦᠶᠯ ᠢ ᠲᠥᠪᠯᠡᠷᠡᠭᠦᠯᠬᠦ ᠠᠯᠬᠤᠮ ᠲᠦᠷᠭᠡᠳᠪᠡ᠃ 2020 ᠣᠨ ᠳᠤ᠂ ᠰᠢᠨ᠎ᠡ ᠲᠣᠭᠤᠷᠢᠭ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠶᠯᠡᠰ ᠤᠨ ᠠᠵᠤ ᠠᠬᠤᠶᠢᠯᠠᠯ 583 ᠪᠣᠯᠵᠤ᠂ ᠡᠭᠦᠨ ᠳᠤ ᠲᠣᠭᠠᠴᠢᠯᠠᠭᠰᠠᠨ ᠠᠵᠤ ᠠᠬᠤᠶ ᠶᠢᠨ ᠲᠥᠷᠥᠯ ᠤᠨ ᠠᠵᠤ ᠠᠬᠤᠶᠢᠯᠠᠯ ᠨᠢ 71 ᠪᠠᠶᠢᠵᠤ᠂ ᠪᠥᠬᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ 12.2% ᠢ ᠡᠵᠡᠯᠡᠪᠡ︔ 2020 ᠣᠨ ᠳᠤ ᠲᠣᠭᠠᠴᠢᠯᠠᠭᠰᠠᠨ ᠠᠵᠤ ᠠᠬᠤᠶ ᠶᠢᠨ ᠲᠥᠷᠥᠯ ᠵᠦᠶᠯ ᠳᠤ 8.87 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠰᠢᠨ᠎ᠡ ᠲᠣᠭᠤᠷᠢᠭ ᠤᠨ ᠪᠦᠬᠦ ᠵᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 22.3% ᠶᠢ ᠡᠵᠡᠯᠡᠪᠡ᠃      ᠲᠣᠰ ᠤᠳᠠᠭᠠᠨ ᠤ ᠢᠯᠡᠷᠬᠡᠶᠢᠯᠡᠯ ᠰᠡᠬᠦᠬᠦ ᠶᠣᠰᠣᠯᠠᠯ ᠢ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠶᠦᠩ ᠬᠤᠩ︔ ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠡᠳ᠋ ᠳᠠᠷᠤᠭ᠎ᠠ᠂ ᠥᠪᠥᠷ ᠮᠣᠩᠭᠤᠯ  ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠦᠸᠧ ᠴᠢᠩ︔ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ ᠰᠢᠤᠢ ᠢ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠶᠡᠷᠦᠩᠬᠡᠶ ᠢᠨᠵᠧᠨᠧᠷ ᠯᠢᠦ ᠵᠢᠶ ᠰᠢ︔ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠮᠡᠳᠡᠭᠡ ᠵᠠᠩᠭᠢᠵᠢᠯᠲᠠ ᠪᠠ ᠰᠣᠹᠲ ᠤᠨ ᠦᠢᠯᠡᠴᠢᠯᠡᠭᠡᠨ ᠤ ᠦᠢᠯᠡᠰ ᠤᠨ ᠭᠠᠵᠠᠷ ᠤᠨ ᠳᠠᠷᠤᠭ᠎ᠠ ᠵᠠᠩ ᡁᠢ ᠯᠢ︔ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠴᠧᠨ ᠲᠦᠩ ᠲᠦᠩ︔ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠮᠠ ᠳ᠋ᠦᠩ ᠮᠧᠶ︔ ᠳᠤᠮᠳᠠᠳᠤ ᠤᠯᠤᠰ ᠤᠨ ᠯᠢᠶᠠᠨ ᠾᠧ ᠢᠨᠲ᠋ᠧᠷ ᠰᠦᠯᠵᠢᠶ᠎ᠡ ᠴᠢᠮᠡᠭᠡ ᠬᠤᠯᠪᠣᠭᠠᠨ ᠤ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠢᠶᠠᠩ ᠶᠦᠩ ᠹᠦ᠋︔ ᠳᠤᠮᠳᠠᠳᠤ ᠤᠯᠤᠰ ᠤᠨ ᠲᠢᠶᠧ ᠲᠠ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠺᠣᠮᠫᠠᠨᠢ ᠶᠢᠨ ᠠᠵᠢᠯ ᠲᠥᠷᠥᠯ ᠤᠨ ᠥᠷᠭᠡᠳᠬᠡᠬᠦ ᠬᠡᠯᠲᠡᠰ ᠤᠨ ᠶᠡᠷᠦᠩᠬᠡᠶ ᠳᠠᠭᠠᠭᠠᠮᠠᠯ ᠯᠢᠦᠶ ᠵᠢᠶ ᠾᠧ︔ ᠬᠤᠸᠠ ᠸᠧᠢ ᠺᠣᠮᠫᠠᠨᠢ ᠶᠢᠨ ᠥᠪᠥᠷ ᠮᠣᠩᠭᠤᠯ ᠣᠷᠣᠨ ᠤ ᠶᠡᠷᠦᠩᠬᠡᠢ ᠳᠠᠭᠠᠭᠠᠮᠠᠯ ᠵᠤᠤ ᠭᠦᠸᠧ ᠬᠤᠢ ᠶᠣᠰᠣᠯᠠᠯ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ