ᠥᠪᠥᠷ ᠮᠣᠩᠭᠤᠯ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠶ ᠠᠵᠢᠯ ᠤᠯᠬᠤ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2021/1/21
     ᠥᠪᠥᠷ ᠮᠣᠩᠭᠤᠯ ᠤᠨ ᠡᠳᠦᠷ ᠤᠨ ᠰᠣᠨᠢᠨ ᠤ 1 ᠰᠠᠷ᠎ᠠ ᠶᠢᠨ 19 ᠤ ᠡᠳᠦᠷ ᠤᠨ ᠮᠡᠳᠡᠭᠡ ︵ᠰᠤᠷᠪᠤᠯᠵᠢᠯᠠᠭᠴᠢ ᠾᠦᠸᠧ ᠰᠢᠶᠤᠤ ᠴᠢᠩ︶ 1 ᠰᠠᠷ᠎ᠠ ᠶᠢᠨ 19 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2021 ᠣᠨ ᠳᠤ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠶᠡᠷᠦᠩᠬᠡᠶ ᠲᠤᠭ᠎ᠠ ᠵᠢᠱᠢᠯᠲᠡ ᠪᠠᠷ 14 ᠲᠦᠮᠡ ᠶᠢ ᠳᠠᠪᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠳᠤ ᠲᠤᠯᠭᠠᠷᠠᠵᠤ ᠪᠠᠶᠢᠭ᠎ᠠ ᠪᠠᠶᠢᠳᠠᠯ ᠨᠠᠩ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠤᠯᠤᠨ᠎ᠠ᠃ ᠪᠥᠬᠦ ᠣᠷᠣᠨ ᠤ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠥᠭᠡᠴᠡ ᠬᠡᠮᠵᠢᠶ᠎ᠠ ᠶᠢ ᠲᠣᠭᠲᠠᠪᠤᠷᠢᠵᠢᠭᠤᠯᠵᠤ᠂ ᠨᠡᠮᠡᠭᠳᠡᠯ ᠤᠨ ᠬᠡᠮᠵᠢᠶ᠎ᠠ ᠶᠢ ᠥᠷᠭᠡᠳᠬᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠠᠩ ᠬᠦᠢᠴᠡᠳ ᠨᠠᠩ ᠴᠢᠨᠠᠷ ᠰᠠᠶᠢᠲᠠᠶ ᠠᠵᠢᠯ ᠤᠯᠬᠤ ᠶᠢ ᠴᠢᠷᠮᠠᠶᠢᠨ ᠠᠬᠢᠭᠤᠯᠬᠤ ᠪᠤᠯᠤᠨ᠎ᠠ᠃      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠬᠦ ᠳᠡᠭᠡᠨ᠂ ᠡᠩ ᠲᠡᠷᠢᠭᠦᠨ ᠳᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ ᠳᠠᠭᠠᠳᠬᠠᠯ ᠤᠨ ︽ᠬᠠᠰᠤᠬᠤ᠂ ᠬᠡᠯᠲᠦᠷᠢᠭᠦᠯᠬᠦ᠂ ᠪᠠᠭᠤᠷᠠᠭᠤᠯᠬᠤ᠂ ᠪᠤᠴᠠᠭᠠᠬᠤ᠂ ᠨᠥᠬᠦᠪᠥᠷᠢᠯᠡᠬᠦ︾ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠭᠡᠨ ᠠᠪᠴᠤ ᠠᠵᠢᠯ ᠣᠯᠭᠤᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠠᠷᠠᠭᠠᠯᠠᠪᠠᠯ ᠵᠠᠰᠠᠭ ᠤᠨ ᠣᠷᠳᠣᠨ ᠠᠴᠠ ᠠᠬᠢᠭᠤᠯᠬᠤ ᠪᠠ ᠵᠠᠬ᠎ᠠ ᠳᠡᠯᠭᠡᠭᠦᠷ ᠤᠨ ᠠᠵᠢᠯ ᠣᠯᠭᠤᠯᠲᠠ ᠶᠢ ᠵᠡᠷᠭᠡ ᠪᠠᠷ ᠴᠢᠬᠤᠯᠠᠴᠢᠯᠠᠬᠤ ᠶᠢ ᠨᠢᠭᠡᠳᠦᠯᠲᠡᠶ ᠲᠦᠯᠦᠪᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠠᠯᠪᠠᠲᠠᠨ ᠰᠢᠯᠭᠠᠵᠤ ᠡᠯᠰᠡᠬᠦ᠂ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠳᠠᠨ ᠤᠷᠢᠵᠤ ᠡᠯᠰᠡᠬᠦ ᠪᠠ ᠦᠨᠳᠦᠰᠦᠨ ᠱᠠᠲᠤᠨ ᠤ ᠦᠢᠯᠡᠴᠢᠯᠡᠭᠡᠨ ᠤ ᠲᠦᠷᠦᠯ ᠵᠦᠢᠯ ᠳᠤ ᠠᠵᠢᠯᠳᠠᠨ ᠡᠯᠰᠡᠬᠦ ᠵᠡᠷᠭᠡ ᠲᠥᠯᠥᠪᠯᠡᠭᠡ ᠶᠢ ᠬᠡᠷᠡᠭᠵᠢᠭᠦᠯᠬᠦ ᠪᠠᠨ ᠲᠦᠷᠭᠡᠳᠬᠡᠬᠦ ᠶᠢᠨ ᠬᠠᠮᠲᠤ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠲᠤᠮᠳᠠᠭᠢ ᠠᠵᠢᠯ ᠤᠯᠬᠤ ᠲᠣᠬᠢᠶᠠᠯ ᠢ ᠭᠦᠢᠴᠡᠳ ᠠᠭᠤᠳᠠᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠯᠠᠨ ᠵᠦᠢᠯ ᠤᠨ ᠬᠡᠯᠪᠡᠷᠢ ᠪᠠᠷ ᠠᠮᠢᠳᠤᠯᠢᠭ ᠢᠶᠠᠷ ᠠᠵᠢᠯ ᠤᠯᠬᠤ ᠶᠢ ᠳᠡᠮᠵᠢᠬᠦ ᠬᠡᠷᠡᠭᠲᠡᠶ᠃ ᠭᠤᠷᠪᠠᠳᠤᠭᠠᠷ ᠲᠤ᠂ ᠲᠡᠭᠦᠰᠬᠦ ᠤᠶᠤᠳᠠᠳ ᠤᠨ ᠦᠨᠳᠦᠰᠦᠨ ᠱᠠᠲᠤᠨ ᠳᠤ ᠣᠴᠢᠵᠤ ᠠᠵᠢᠯ ᠤᠯᠬᠤ ᠪᠠ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢ ᠢᠳᠡᠪᠬᠢᠲᠡᠢ ᠬᠦᠳᠦᠯᠦᠨ ᠵᠢᠯᠣᠭᠤᠳᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠣᠷᠣᠨ ᠳᠤ ᠦᠨᠳᠦᠰᠦᠨ ᠱᠠᠲᠤᠨ ᠤ ᠣᠯᠠᠨ ᠨᠡᠶᠢᠲᠡ ᠶᠢᠨ ᠬᠠᠮᠢᠶᠠᠷᠤᠯᠲᠠ ᠪᠠ ᠨᠡᠶᠢᠭᠡᠮ ᠤᠨ ᠦᠢᠯᠡᠴᠢᠯᠡᠭᠡᠨ ᠤ ᠠᠵᠢᠯ ᠤᠨ ᠪᠠᠶᠢᠷᠢ ᠶᠢ ᠭᠠᠷᠭᠠᠨ ᠠᠵᠢᠯ ᠰᠣᠩᠭᠤᠬᠤ ᠬᠤᠭᠤᠴᠠᠭᠠᠨ ᠳᠠᠭᠠᠨ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠣᠶ᠃ ᠡᠭᠦᠨ ᠤ ᠬᠠᠮᠲᠤ ᠦᠢᠯᠡᠰ ᠪᠤᠰᠬᠠᠬᠤ ᠦᠢᠯᠡᠴᠢᠯᠡᠭᠡᠨ ᠤ ᠨᠥᠬᠦᠪᠥᠷᠢ᠂ ᠵᠢᠭᠡᠯᠡᠯᠭᠡ ᠶᠢᠨ ᠳᠡᠮᠵᠢᠯᠭᠡ᠂ ᠲᠠᠯᠠᠪᠤᠷ ᠭᠠᠵᠠᠷ ᠤᠨ ᠲᠣᠬᠢᠷᠠᠭᠤᠯᠤᠯᠲᠠ ᠪᠣᠯᠤᠨ ᠭᠠᠶᠢᠯᠢ ᠰᠦᠢᠳᠬᠡᠯ ᠤᠨ ᠬᠠᠷᠠᠭᠠᠯᠵᠠᠯ ᠵᠡᠷᠭᠡ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢ ᠵᠣᠷᠢᠭᠵᠢᠭᠤᠯᠬᠤ ᠬᠡᠷᠡᠭᠲᠡᠶ᠃ ᠳᠥᠷᠪᠡᠳᠦᠭᠡᠷ ᠲᠤ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠦᠢᠯᠡᠴᠢᠯᠡᠭᠡᠨ ᠤ ᠲᠠᠪᠴᠠᠩ ᠢ ᠭᠦᠢᠴᠡᠳ ᠠᠰᠢᠬᠯᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠠᠷᠢᠯᠢᠬ ᠤᠨᠤᠴᠠᠳᠠᠢ ᠠᠵᠢᠯ ᠣᠯᠭᠤᠬᠤ ᠦᠢᠯᠡᠴᠢᠯᠡᠭᠡ ᠬᠠᠩᠭᠠᠵᠤ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠡᠷᠲᠡᠬᠡᠨ ᠠᠵᠢᠯ ᠣᠯᠭᠤᠬᠤ ᠶᠢ ᠦᠨᠡᠨᠬᠦ ᠠᠬᠢᠭᠤᠯᠬᠤ ᠬᠡᠷᠡᠭᠲᠡᠶ ᠬᠡᠪᠡ᠃      ᠣᠶᠢᠯᠠᠭᠠᠭᠰᠠᠨ ᠢᠶᠠᠷ᠂ 2020 ᠣᠨ ᠳᠤ ᠳᠠᠪᠬᠤᠷ ᠳᠠᠪᠬᠤᠷ ᠳᠠᠷᠤᠯᠲᠠ ᠶᠢᠨ ᠡᠮᠦᠨ᠎ᠡ᠂ ᠣᠷᠣᠨ ᠳᠠᠶᠠᠭᠠᠷ ᠤᠨ ᠴᠢᠷᠮᠠᠶᠢᠯᠭ᠎ᠠ ᠪᠠᠷ ᠳᠡᠮᠵᠢᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠪᠠᠶᠢᠳᠠᠯ ᠵᠢᠱᠢᠭᠰᠡᠨ ᠠᠴᠠ ᠪᠠᠨ ᠰᠠᠶᠢᠨ ᠪᠤᠯᠪᠠ᠃ 12 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 13 . 96 ᠲᠦᠮᠡᠨ ᠬᠥᠮᠦᠨ ᠳᠤ ᠠᠵᠢᠯ ᠣᠯᠭᠤᠭᠰᠠᠨ ᠪᠤᠶᠤ ᠠᠵᠢᠯ ᠤᠯᠬᠤ ᠴᠢᠭᠯᠡᠯ ᠢ ᠨᠠᠶᠢᠳᠠᠪᠤᠷᠢᠵᠢᠭᠤᠯᠵᠤ᠂ ᠣᠨ ᠤ ᠲᠥᠯᠥᠪᠯᠡᠭᠰᠡᠨ 13 ᠲᠦᠮᠡᠨ ᠬᠥᠮᠦᠨ ᠤ 107 . 38 % ᠶᠢ ᠪᠡᠶᠡᠯᠡᠭᠦᠯᠪᠡ᠃http://www.nmg.xinhuanet.com/xwzx/2021-01/19/c_1127000491.htm
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号