ᠥᠪᠥᠷ ᠮᠣᠩᠭᠤᠯ ︽ᠤᠯᠠᠨ ᠬᠦᠮᠦᠨ ᠤ ᠬᠢ ᠶᠢ ᠵᠡᠷᠭᠡ ᠪᠠᠷ ᠨᠡᠶᠢᠳᠡᠯᠡᠭᠦ︾ ᠠᠷᠭ᠎ᠠ ᠪᠠᠷ ᠬᠦᠨᠳᠦ ᠨᠢᠳᠤᠷᠭ᠎ᠠ ᠪᠠᠷ ᠢᠯᠵᠠᠷᠠᠯ ᠢ ᠡᠰᠡᠷᠭᠦᠴᠡᠵᠦ 307 ᠺᠠᠳ᠋ᠷ ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠲᠤᠰᠢᠶᠠᠪᠠ
ᠨᠡᠶᠢᠲᠡᠯᠡᠭᠰᠡᠨ ᠴᠠᠭ᠄
2021/1/21
     ᠰᠢᠨᠬᠤᠸᠠ ᠰᠦᠯᠵᠢᠶᠡᠨ ᠤ ᠬᠥᠬᠡᠬᠤᠲᠠ ᠶᠢᠨ 1 ᠰᠠᠷ᠎ᠠ ᠶᠢᠨ 19 ᠤ ᠡᠳᠦᠷ ᠤᠨ ᠮᠡᠳᠡᠭᠡ ︵ᠯᠢ ᠭᠦᠸᠧ ᠳ᠋ᠦᠩ᠂ ᠶᠠᠩ ᠲᠩᠷᠢ︶ ᠰᠢᠨᠬᠤᠸᠠ ᠰᠦᠯᠵᠢᠶ᠎ᠡ 1 ᠰᠠᠷ᠎ᠠ ᠶᠢᠨ 19 ᠤ ᠡᠳᠦᠷ ᠬᠤᠷᠠᠯᠳᠤᠭᠰᠠᠨ 2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ ᠴᠢᠭᠡᠴᠢ ᠵᠠᠰᠠᠬ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2020 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠺᠠᠳ᠋ᠷ ᠤᠨ ᠬᠢᠨᠠᠨ ᠪᠠᠶᠢᠴᠠᠭᠠᠯᠲᠠ ᠪᠠ ᠪᠠᠶᠢᠴᠠᠭᠠᠯᠳᠠ ᠬᠦᠯᠢᠶᠡᠭᠰᠡᠨ ᠮᠡᠳᠡᠭᠡ ᠶᠢ ᠨᠡᠶᠢᠲᠡᠯᠡᠬᠦ ᠳᠡᠭᠡᠨ ︽ᠤᠯᠠᠨ ᠬᠦᠮᠦᠨ ᠤ ᠬᠢ ᠶᠢ ᠵᠡᠷᠭᠡ ᠪᠠᠷ ᠨᠡᠶᠢᠳᠡᠯᠡᠭᠦ︾ ᠵᠠᠭᠪᠤᠷ ᠢ ᠪᠠᠶᠢᠨ ᠳᠠᠬᠢᠨ ᠬᠡᠷᠡᠭᠯᠡᠵᠦ᠂ ᠱᠠᠮᠰᠢᠪᠠᠯ ᠵᠠᠪᠠᠯ ᠴᠢᠩᠭ᠎ᠠ ᠰᠢᠳᠭᠡᠭᠦ᠂ ᠢᠯᠵᠠᠷᠠᠪᠠᠯ ᠵᠠᠪᠠᠯ ᠡᠰᠡᠷᠭᠦᠴᠡᠬᠦ ᠴᠢᠩᠭ᠎ᠠ ᠳᠣᠬᠢᠶ᠎ᠠ ᠶᠢ ᠭᠠᠷᠭᠠᠵᠤ᠂ ᠬᠦᠴᠦᠷᠬᠡᠭ ᠶᠡᠭᠡ ᠰᠦᠷᠳᠡᠭᠦᠯᠬᠦ ᠬᠦᠴᠦᠨ ᠢ ᠪᠣᠶ ᠪᠣᠯᠭᠠᠪᠠ᠃      2020 ᠣᠨ ᠤ 12 ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠤᠯ ᠤᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠪᠠᠢ ᠳ᠋ᠦᠨ᠂ ᠥᠪᠥᠷ ᠮᠣᠩᠭᠤᠯ ᠤᠨ ᠠᠭᠤᠷᠬᠠᠶ ᠶᠢᠨ ᠦᠢᠯᠡᠰ ᠤᠨ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠰᠦᠷᠯᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠤᠤᠯ ᠤᠨ ᠳᠡᠳ᠋ ᠱᠦᠵᠢ᠂ ᠳᠡᠳ᠋ ᠲᠢᠩᠬᠢᠮ ᠤᠨ ᠳᠠᠷᠤᠭ᠎ᠠ ᠸᠠᠩ ᠯᠠᠶ ᠮᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠤᠬᠡ ᠶᠢᠨ ᠮᠠᠲ᠋ᠧᠷᠢᠶᠠᠯ ᠤᠨ ᠵᠥᠪᠯᠡᠯ ᠤᠨ ᠤᠤᠯ ᠤᠨ ᠡᠷᠬᠢᠯᠡᠭᠴᠢ ᠽᠸᠤ ᠸᠠᠨ ᠶᠢᠨ᠂ ᠣᠷᠳᠣᠰ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠤᠤ ᡁᠢ ᠴᠧᠨ ᠵᠡᠷᠭᠡ 5 ᠲᠢᠩᠬᠢᠮ ᠤᠨ ᠲᠠᠰ ᠤᠨ ᠺᠠᠳ᠋ᠷ ᠤᠨ ᠲᠤᠰᠢᠶᠠᠯ ᠠᠴᠠ ᠪᠠᠨ ᠤᠨᠠᠭᠰᠠᠨ ᠮᠡᠳᠡᠭᠡ ᠶᠢ  ᠵᠡᠷᠭᠡ ᠪᠠᠷ ᠨᠡᠶᠢᠳᠡᠯᠡᠵᠦ᠂ ᠡᠭᠦᠨ ᠠᠴᠠ ᠡᠮᠦᠨ᠎ᠡ ᠨᠡᠶᠢᠲᠡᠯᠡᠭᠰᠡᠨ ︽ᠬᠤᠶᠠᠷ ᠬᠦᠮᠦᠨ ᠤ ᠬᠢ ᠶᠢ ᠵᠡᠷᠭᠡ ᠪᠠᠷ ᠨᠡᠶᠢᠳᠡᠯᠡᠭᠰᠡᠨ︾᠂ ︽ᠭᠤᠷᠪᠠᠨ ᠬᠦᠮᠦᠨ ᠤ ᠬᠢ ᠶᠢ ᠵᠡᠷᠭᠡ ᠪᠠᠷ ᠨᠡᠶᠢᠳᠡᠯᠡᠭᠰᠡᠨ ︾᠂ ︽ᠲᠦᠷᠪᠡᠨ ᠬᠦᠮᠦᠨ ᠤ ᠬᠢ ᠶᠢ ᠵᠡᠷᠭᠡ ᠪᠠᠷ ᠨᠡᠶᠢᠳᠡᠯᠡᠭᠰᠡᠨ︾ ᠵᠢᠴᠢ 2020 ᠣᠨ ᠤ 11 ᠰᠠᠷ᠎ᠠ ᠶᠢᠨ 21 ᠤ ᠡᠳᠦᠷ ᠥᠪᠥᠷ ᠮᠣᠩᠭᠤᠯ ᠤᠨ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ ᠶᠢᠨ ᠤᠤᠯ ᠤᠨ ᠬᠡᠷᠡᠭ ᠮᠡᠳᠡᠭᠴᠢᠳ ᠤᠨ ᠳᠠᠷᠤᠭ᠎ᠠ ᠶᠠᠩ ᠶᠦᠩ ᠺᠤᠧᠠᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠡᠳ ᠨᠠᠮ ᠠᠴᠠ ᠬᠥᠭᠡᠭᠡᠭᠳᠡᠭᠰᠡᠨ᠂ ᠬᠥᠬᠡᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠤᠯ ᠤᠨ ᠳᠡᠳ᠋ ᠲᠡᠷᠢᠭᠦᠯᠡᠭᠴᠢ ᠪᠠᠶ ᠶᠦᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠡᠳ ᠨᠠᠮ ᠠᠴᠠ ᠬᠥᠭᠡᠭᠡᠭᠳᠡᠭᠰᠡᠨ ᠪᠠ ᠠᠯᠪᠠᠨ ᠲᠤᠰᠢᠶᠠᠯ ᠠᠴᠠ ᠪᠠᠨ ᠬᠦᠭᠡᠭᠡᠭᠳᠡᠭᠰᠡᠨ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠲᠣᠭᠤᠷᠢᠨ ᠪᠠᠶᠢᠴᠠᠭᠠᠭᠴᠢ᠂ ᠲᠤᠰᠬᠠᠶ ᠲᠤᠰᠢᠶᠠᠯᠲᠤ ᠳᠡᠳ᠋ ᠡᠷᠬᠢᠯᠡᠭᠴᠢ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠵᠥᠪᠯᠡᠯ ᠤᠨ ᠤᠤᠯ ᠤᠨ ᠡᠷᠬᠢᠯᠡᠭᠴᠢ ᠦ᠋ ᠫᠢᠩ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠡᠳ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ᠂ ᠪᠠᠶᠠᠨᠨᠠᠭᠤᠷ ᠬᠤᠲᠠ ᠶᠢᠨ ᠤᠤᠯ ᠤᠨ ᠳᠡᠳ᠋ ᠳᠠᠷᠤᠭ᠎ᠠ᠂ ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠤᠤᠯ ᠤᠨ ᠳᠠᠷᠤᠭ᠎ᠠ ᠦ᠋ ᠶᠢᠨ ᠰᠢᠩ ᠰᠠᠬᠢᠯᠭ᠎ᠠ ᠪᠠᠳᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠡᠳ ᠨᠠᠮ ᠠᠴᠠ ᠬᠥᠭᠡᠭᠡᠭᠳᠡᠭᠰᠡᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠤᠤᠯ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠦ᠋ ᠲᠢᠶᠧ ᠴᠧᠩ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠡᠳ ᠨᠠᠮ ᠠᠴᠠ ᠬᠦᠭᠡᠭᠡᠭᠳᠡᠭᠰᠡᠨ ᠪᠠ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠤᠤᠯ ᠤᠨ ᠳᠡᠳ᠋ ᠡᠷᠬᠢᠯᠡᠭᠴᠢ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠤᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠬᠠᠤᠯᠢ ᠳᠦᠷᠢᠮ ᠤᠨ ᠠᠵᠢᠯ ᠤᠨ ᠵᠦᠪᠯᠡᠯ ᠤᠨ ᠤᠤᠯ ᠤᠨ ᠡᠷᠬᠢᠯᠡᠭᠴᠢ ᠵᠠᠩ ᠮᠢᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠡᠳ ᠨᠠᠮ ᠠᠴᠠ ᠬᠦᠭᠡᠭᠡᠭᠳᠡᠭᠰᠡᠨ ᠪᠠ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ ︽ᠵᠢᠷᠭᠤᠭᠠᠨ ᠬᠦᠮᠦᠨ ᠤ ᠬᠢ ᠶᠢ ᠵᠡᠷᠭᠡ ᠪᠠᠷ ᠨᠡᠶᠢᠳᠡᠯᠡᠵᠦ︾᠂ ᠨᠢᠭᠡᠡ ᠦᠶ᠎ᠡ ᠰᠦᠯᠵᠢᠶᠡᠨ ᠤ ᠬᠠᠶᠢᠯᠳᠠ ᠶᠢᠨ ᠬᠠᠯᠠᠮ ᠦᠭᠡ ᠪᠠ ᠡᠯ᠎ᠡ ᠵᠠᠭᠤᠴᠢᠯᠠᠭᠤᠷ ᠤᠨ ᠳᠠᠮᠵᠢᠭᠤᠯᠤᠨ ᠲᠠᠷᠬᠠᠭᠠᠭᠰᠠᠨ ᠥᠨᠳᠥᠷ ᠳᠠᠪᠲᠠᠮᠵᠢᠲᠤ ᠦᠭᠡ ᠪᠣᠯᠵᠤ᠂ ᠶᠠᠷᠢᠶ᠎ᠠ ᠬᠡᠯᠡᠯᠴᠡᠭᠡᠨ ᠤ ᠬᠢᠨ ᠤ ᠳᠡᠭᠡᠳᠦ ᠬᠡᠮᠵᠢᠶᠡᠨ ᠤ ᠠᠩᠬᠠᠷᠤᠯ ᠢ ᠲᠠᠲᠠᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠯᠠ ᠵᠢᠶᠦ᠋ᠨ ᠬᠡᠯᠡᠬᠦ ᠳᠡᠭᠡᠨ᠂ ︽ᠤᠯᠠᠨ ᠬᠦᠮᠦᠨ ᠤ ᠬᠢ ᠶᠢ ᠵᠡᠷᠭᠡ ᠪᠠᠷ ᠨᠡᠶᠢᠳᠡᠯᠡᠭᠦ︾ ᠠᠷᠭ᠎ᠠ ᠪᠠᠷ ᠬᠢᠨᠠᠨ ᠪᠠᠶᠢᠴᠠᠭᠠᠵᠤ ᠪᠠᠶᠢᠴᠠᠭᠠᠯᠲᠠ ᠬᠢᠭᠰᠡᠨ ᠪᠠ ᠰᠢᠳᠬᠡᠯ ᠥᠭᠭᠦᠭᠰᠡᠨ ᠮᠡᠳᠡᠭᠡ ᠵᠠᠩᠭᠢ ᠶᠢ ᠲᠥᠪᠯᠡᠷᠡᠭᠦᠯᠦᠨ ᠨᠡᠶᠢᠳᠡᠯᠡᠭᠰᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠯᠵᠠᠷᠠᠯ ᠢ ᠬᠦᠨᠳᠦ ᠨᠢᠳᠤᠷᠭ᠎ᠠ ᠪᠠᠷ ᠡᠰᠡᠷᠭᠦᠴᠡᠭᠰᠡᠨ ᠤ ᠬᠤᠷᠢᠶᠠᠩᠭᠤᠶ ᠳᠦᠷᠰᠦ ᠪᠣᠯᠤᠨ᠎ᠠ ᠬᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠦᠴᠦᠷᠬᠡᠭ ᠶᠡᠭᠡ ᠰᠦᠷᠳᠡᠭᠦᠯᠦᠯ ᠤᠨ ᠳᠣᠤᠷ᠎ᠠ᠂ 2020 ᠣᠨ ᠳᠤ ᠨᠡᠶᠢᠲᠡ 307 ᠺᠠᠳ᠋ᠷ ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠲᠤᠰᠢᠶᠠᠵᠤ᠂ 1546 ᠬᠥᠮᠦᠨ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢᠶᠠᠨ ᠲᠤᠰᠢᠶᠠᠵᠠᠶ᠃http://mongol.people.com.cn/15835737.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号