ᠲᠤᠰ ᠭᠠᠵᠠᠷ ᠲᠠᠭᠠᠨ ᠰᠢᠨᠡᠯᠡᠬᠦ ᠶᠢ ᠵᠣᠷᠢᠭᠵᠢᠭᠤᠯᠵᠦ᠂ ᠡᠳᠡᠭᠡᠷ ᠭᠠᠵᠠᠷ ᠤᠳ ᠦᠨᠡᠬᠡᠷ ᠵᠣᠭᠤᠰ ᠥᠭᠪᠡ︕
ᠨᠡᠶᠢᠲᠡᠯᠡᠭᠰᠡᠨ ᠴᠠᠭ᠄
2021/1/21
     ᠡᠨᠡ ᠬᠤᠶᠠᠷ ᠡᠳᠦᠷ᠂ ᠡᠯ᠎ᠡ ᠭᠠᠵᠠᠷ ᠤᠨ ᠭᠠᠷᠭᠠᠬᠰᠠᠨ ᠲᠤᠰ ᠭᠠᠵᠠᠷ ᠲᠠᠭᠠᠨ ᠰᠢᠨᠡᠯᠡᠬᠦ ᠶᠢ ᠵᠣᠷᠢᠭᠵᠢᠭᠤᠯᠬᠤ ᠠᠷᠭ᠎ᠠ ᠨᠤᠭᠤᠳ ᠢ ᠬᠦᠮᠦᠰ ᠬᠠᠯᠠᠭᠤᠨ ᠢᠶᠠᠷ ᠬᠠᠶᠢᠵᠤ ᠦᠵᠡᠵᠦ ᠪᠤᠢ᠃      ᠡᠳᠡᠭᠡᠷ ᠭᠠᠵᠠᠷ ᠤᠳ ᠦᠨᠡᠬᠡᠷ ᠵᠣᠭᠤᠰ ᠥᠭᠪᠡ      ᠢ ᠦ᠋ ᠬᠤᠳᠠ ᠳᠤ ᠰᠢᠨᠡᠯᠡᠬᠦ ᠬᠥᠮᠦᠰ ᠲᠤ ᠬᠥᠮᠦᠨ ᠪᠦᠷᠢ ᠳᠤ 500 ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠦᠭᠭᠦ᠂ ᠴᠠᠭᠠᠨ ᠰᠠᠷ᠎ᠠ ᠶᠢᠨ ᠬᠤᠭᠤᠴᠠᠭᠠᠨ ᠳᠤ ᠢ ᠦ᠋ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠵᠣᠭᠰᠣᠭᠠᠯ ᠰᠦᠢᠳᠭᠡᠯ ᠬᠤᠷᠢᠶᠠᠬᠤ ᠥᠬᠡᠶ᠂ ᠴᠠᠭᠠᠨ ᠰᠠᠷ᠎ᠠ ᠶᠢᠨ ᠬᠤᠭᠤᠴᠠᠭᠠᠨ ᠳᠤ ᠢ ᠦ᠋ ᠶᠢᠨ ᠦᠵᠡᠮᠵᠢ ᠶᠢᠨ ᠣᠷᠣᠨ ᠡᠭᠦᠳᠡᠨ ᠪᠢᠯᠧᠲ ᠠᠪᠬᠤ ᠦᠭᠡᠢ ᠁      18 ᠤ ᠡᠳᠦᠷ᠂ ᠢ ᠦ᠋ ᠳᠤ ᠰᠢᠨᠡᠯᠡᠬᠦ ᠶᠢ ᠰᠠᠨᠠᠭᠠᠴᠢᠯᠠᠬᠰᠠᠨ ᠨᠢᠭᠡᠨ ᠳᠤᠮᠳᠠᠳᠤ ᠠᠩᠭ᠍ᠯᠢ ᠬᠤᠤᠰ ᠬᠡᠯᠡᠨ ᠤ ᠵᠠᠷᠯᠠᠯ ᠨᠡᠶᠢᠲᠡᠯᠡᠭᠳᠡᠬᠦ ᠶᠢ ᠲᠠᠭᠠᠯᠳᠤᠨ᠂ ᠢ ᠦ᠋ ᠬᠤᠳᠠ ᠶᠢᠨ ᠨᠡᠶᠢᠳᠡᠯᠡᠭᠰᠡᠨ ᠰᠢᠨᠡᠯᠡᠬᠦ ᠲᠤᠬᠠᠢ ᠠᠯᠢ ᠣᠯᠠᠨ ᠬᠠᠲᠠᠭᠤ ᠴᠢᠩᠭ᠎ᠠ ᠪᠥᠭᠡᠳ ᠰᠡᠳᠬᠢᠯ ᠳᠤ ᠳᠤᠯᠠᠭᠠᠬᠠᠨ ᠠᠷᠭ᠎ᠠ ᠬᠡᠮᠵᠢᠶ᠎ᠡ ᠨᠢ ᠨᠢᠭᠡ ᠯᠡ ᠳᠡᠭᠡᠷ᠎ᠡ ᠮᠠᠰᠢ ᠣᠯᠠᠨ ᠬᠦᠮᠦᠰ ᠤᠨ ᠬᠠᠯᠠᠭᠤᠨ ᠬᠠᠶᠢᠯᠳᠠ ᠪᠤᠯᠵᠤ᠂ ᠦᠶ ᠣᠯᠠᠨ ᠰᠦᠯᠵᠢᠶᠡᠴᠢᠳ ᠤᠨ ᠮᠠᠭᠲᠠᠭᠠᠯ ᠪᠠ ᠪᠠᠭ᠋ᠠᠷᠬᠠᠯ ᠢ ᠣᠯᠤᠭᠰᠠᠨ ᠪᠠᠶᠢᠨ᠎ᠠ᠃      ᠵᠠᠷᠯᠠᠯ ᠢ ᠦᠨᠳᠦᠰᠦᠯᠡᠪᠡᠯ᠂ ᠢ ᠦ᠋ ᠬᠤᠳᠠ ᠨᠢ ᠲᠤᠰ ᠭᠠᠵᠠᠷ ᠲᠤ ᠰᠢᠨᠡᠯᠡᠬᠦ ᠬᠥᠮᠦᠰ ᠲᠤ ᠴᠠᠭᠠᠨ ᠰᠠᠷ᠎ᠠ ᠶᠢᠨ ᠲᠣᠮᠣ ᠪᠡᠯᠡᠭ ᠲᠠᠷᠬᠠᠭᠠᠪᠠ᠄ 20 G ᠰᠦᠢᠳᠭᠡᠯ ᠬᠤᠷᠢᠶᠠᠬᠤ ᠥᠬᠡᠶ ᠤᠷᠤᠰᠴᠠ᠂ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠣᠷᠳᠣᠨ ᠵᠢᠴᠢ ᠲᠥᠬᠦᠭᠡᠷᠦᠮᠵᠢ ᠠᠴᠠ ᠰᠦᠢᠳᠭᠡᠯ ᠬᠤᠷᠢᠶᠠᠬᠤ ᠥᠬᠡᠶ᠂ ᠲᠦᠷᠢᠶᠡᠰᠦᠯᠡᠭᠰᠡᠨ ᠬᠡᠷ ᠤᠨ ᠬᠠᠭᠠᠰ ᠰᠠᠷ᠎ᠠ ᠠᠴᠠ ᠳᠡᠭᠡᠭᠰᠢᠬᠢ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ᠂ ᠡᠭᠦᠳᠡᠨ ᠡᠮᠨᠡᠯᠭᠡ ᠪᠠᠴᠢᠮ ᠡᠮᠨᠡᠯᠭᠡ ᠶᠢᠨ ᠳ᠋ᠤᠭᠠᠷᠯᠠᠬᠤ ᠰᠦᠢᠳᠭᠡᠯ ᠢ ᠬᠤᠷᠢᠶᠠᠬᠤ ᠥᠬᠡᠶ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠪᠡᠯ ᠬᠠᠭᠠᠰ ᠢᠶᠠᠷ ᠨᠤᠭᠤᠯᠤᠨ ᠪᠤᠳᠤᠬᠤ᠂ ᠢ ᠦ᠋ ᠳᠤ ᠰᠢᠨᠡᠯᠡᠬᠦ ᠬᠦᠮᠦᠰ ᠤᠨ ᠦᠷ᠎ᠡ ᠬᠡᠤᠬᠡᠳ ᠢ ᠰᠦᠢᠳᠭᠡᠯ ᠬᠤᠷᠢᠶᠠᠬᠤ ᠥᠬᠡᠶ ᠪᠠᠷ ᠡᠪᠦᠯ ᠤᠨ ᠠᠮᠠᠷᠠᠯᠲᠠ ᠶᠢᠨ ᠠᠵᠢᠯᠯᠠᠭ᠎ᠠ ᠳᠤ ᠣᠷᠣᠯᠴᠠᠭᠤᠯᠬᠤ᠂ ᠬᠡᠪ ᠤᠨ ᠡᠵᠡᠩᠨᠡᠯᠲᠡ ᠬᠢᠵᠦ ᠪᠠᠶᠢᠭ᠎ᠠ ᠢᠳᠡᠭᠡᠨ ᠤᠮᠳᠠᠭᠠᠨ ᠤ ᠨᠢᠭᠡᠴᠡ᠂ ᠲᠥᠬᠦᠮ ᠳᠡᠯᠭᠡᠭᠦᠷ᠂ ᠲᠦᠷᠭᠡᠨ ᠬᠦᠷᠭᠡᠯᠲᠡ ᠶᠢᠨ ᠭᠠᠵᠠᠷ ᠵᠡᠷᠭᠡ ᠨᠢ 2000 ᠲᠥᠭᠦᠷᠢᠭ ᠠᠴᠠ 10 ᠲᠦᠮᠡᠨ ᠲᠥᠭᠦᠷᠢᠭ ᠤᠨ ᠠᠳᠠᠯᠢ ᠪᠤᠰᠤ ᠬᠡᠮᠵᠢᠶᠡᠨ ᠤ ᠨᠥᠬᠦᠪᠥᠷᠢ ᠭᠤᠶᠤᠴᠢᠯᠠᠵᠤ ᠪᠣᠯᠤᠨ᠎ᠠ ᠬᠡᠵᠦ ᠰᠠᠨᠠᠭᠠᠴᠢᠯᠠᠪᠠ᠃      ᠲᠤᠰ ᠡᠳᠦᠷ ᠬᠦᠮᠦᠰ ᠤᠨ ᠬᠠᠯᠠᠭᠤᠨ ᠬᠠᠶᠢᠯᠳᠠ ᠪᠤᠯᠤᠬᠰᠠᠨ ᠮᠡᠳᠡᠭᠡ ᠳᠤ ᠪᠠᠰᠠ ᠬᠠᠩᠵᠧᠦ ᠶᠢᠨ ︽ᠵᠧᠵᠢᠶᠠᠩ ᠠᠴᠠ ᠪᠤᠰᠤᠳ ᠨᠤᠲᠤᠭ ᠤᠨ ᠬᠥᠯᠥᠰᠥᠨ ᠠᠵᠢᠯ ᠬᠢᠵᠦ ᠬᠦᠮᠦᠰ ᠬᠠᠩᠵᠧᠦ ᠳᠤ ᠦᠯᠡᠳᠡᠵᠦ ᠠᠵᠢᠯᠯᠠᠪᠠᠯ 1000 ᠲᠥᠭᠦᠷᠢᠭ ᠦᠭᠭᠦᠨ᠎ᠡ︾ ᠬᠡᠰᠡᠨ ᠮᠡᠳᠡᠭᠡ ᠪᠤᠢ᠃ ᠬᠠᠩᠵᠧᠦ ᠬᠤᠲᠠ ︽ᠴᠠᠭᠠᠨ ᠰᠠᠷ᠎ᠠ ᠶᠢᠨ ᠬᠤᠭᠤᠴᠠᠭᠠᠨ ᠳᠤ ᠬᠠᠩᠵᠧᠦ ᠳᠤ ᠢᠷᠡᠵᠦ ᠬᠦᠯᠦᠰᠦᠨ ᠠᠵᠢᠯ ᠬᠢᠵᠦ ᠪᠠᠶᠢᠭ᠎ᠠ ᠬᠥᠮᠦᠰ ᠲᠤ ︿ᠠᠷᠪᠠ ᠶᠢ ᠬᠦᠷᠭᠡᠬᠦ﹀ ᠬᠠᠶᠢᠷ᠎ᠠ ᠬᠠᠯᠠᠮᠵᠢ ᠶᠢᠨ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ᠨᠡᠶᠢᠲᠡᠯᠡᠵᠦ᠂ ︽ᠤᠯᠠᠭᠠᠨ ᠪᠠᠭᠯᠠᠭ᠎ᠠ ᠬᠦᠷᠭᠡᠬᠦ︾ ᠠᠵᠢᠯᠯᠠᠭ᠎ᠠ ᠦᠷᠨᠢᠬᠦᠯᠪᠡ᠃ ᠬᠠᠩᠵᠧᠦ ᠳᠤ ᠬᠥᠯᠥᠰᠥᠨ ᠠᠵᠢᠯ ᠬᠢᠵᠦ ᠪᠠᠶᠢᠭ᠎ᠠ᠂ ᠵᠧᠵᠢᠶᠠᠩ ᠤᠨ ᠪᠤᠰᠤ ᠡᠷᠦᠬᠡ ᠠᠮᠠ ᠶᠢᠨ ᠲᠠᠩᠰᠠ ᠲᠠᠢ ᠪᠥᠭᠡᠳ ᠬᠠᠩᠵᠧᠦ ᠳᠤ ᠨᠡᠶᠢᠭᠡᠮ ᠤᠨ ᠳᠠᠭᠠᠳᠬᠠᠯ ᠲᠤᠰᠢᠶᠠᠵᠤ ᠪᠠᠶᠢᠭ᠎ᠠ ᠴᠠᠭᠠᠨ ᠰᠠᠷ᠎ᠠ ᠶᠢᠨ ᠬᠤᠭᠤᠴᠠᠭᠠᠨ ᠳᠤ ᠬᠠᠩᠵᠧᠦ ᠳᠤ ᠬᠥᠯᠥᠰᠥᠨ ᠠᠵᠢᠯ ᠬᠢᠬᠦ ᠬᠥᠮᠦᠰ ᠲᠤ ᠴᠢᠭᠯᠡᠭᠦᠯᠦᠨ᠂ ᠠᠵᠤ ᠠᠬᠤᠶᠢᠯᠠᠯ ᠤᠨ ᠭᠤᠶᠤᠴᠢᠯᠠᠯ ᠢᠶᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠬᠠᠩᠵᠧᠦ ᠳᠤ  ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠲᠤ ᠬᠥᠮᠦᠨ ᠪᠦᠷᠢ ᠳᠤ 1000 ᠲᠥᠭᠦᠷᠢᠭ ᠤᠨ ᠪᠡᠯᠡᠨ ᠵᠣᠭᠤᠰ ᠤᠨ ᠨᠥᠬᠦᠪᠥᠷᠢ ︵︽ᠬᠠᠩᠵᠧᠦ ᠳᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠲᠤ ᠦᠭᠭᠦ ᠤᠯᠠᠭᠠᠨ ᠪᠠᠭᠯᠠᠭ᠎ᠠ︾︶  ᠦᠭᠴᠦ᠂ ᠬᠠᠨᠭ᠍ᠵᠧᠦ ᠳᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠤᠨ ᠪᠠᠩᠬᠢ ᠶᠢᠨ ᠲᠠᠩᠰᠠᠨ ᠳᠤ ︽ᠨᠢᠭᠡ ᠳᠠᠷᠤᠪᠴᠢ ᠪᠠᠷ ᠰᠢᠭᠤᠳ  ᠤᠷᠤᠭᠤᠯᠵᠠᠢ︾᠃      ᠲᠢᠶᠠᠨᠵᠢᠨ ᠬᠤᠲᠠ ᠣᠶᠢᠷ᠎ᠠ ᠳᠤ ᠪᠠᠰᠠ 7 ᠠᠷᠭ᠎ᠠ ᠬᠡᠮᠵᠢᠶ᠎ᠡ ᠨᠡᠶᠢᠳᠡᠯᠡᠵᠦ᠂ ᠭᠠᠳᠠᠨ᠎ᠠ ᠣᠷᠣᠨ ᠠᠴᠠ ᠢᠷᠡᠭᠰᠡᠨ ᠠᠵᠢᠯᠳᠠᠨ ᠠᠵᠢᠯᠴᠢᠳ ᠤᠨ ᠲᠢᠶᠠᠨᠵᠢᠨ ᠳᠤ ᠰᠢᠨᠡᠯᠡᠬᠦ ᠶᠢ ᠳᠡᠮᠵᠢᠪᠡ᠃ ᠲᠢᠶᠡᠨᠵᠢᠨ ᠳᠤ ᠰᠢᠨᠡᠯᠡᠬᠦ ᠪᠠᠷ ᠪᠠᠶᠢᠭ᠎ᠠ ᠭᠠᠳᠠᠷ ᠮᠤᠵᠢ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠠᠵᠢᠯᠲᠠᠨ ᠠᠵᠢᠯᠴᠢᠨ ᠳᠤ ᠡᠯ᠎ᠡ ᠲᠥᠷᠥᠯ ᠤᠨ ᠠᠵᠤ ᠠᠬᠤᠶᠢᠯᠠᠯ ᠨᠢ᠂ ᠲᠡᠭᠦᠨ ᠤ ᠠᠵᠢᠯ ᠤᠨ ᠪᠠᠶᠢᠷᠢ ᠳᠤ ᠪᠠᠨ ᠲᠣᠭᠲᠠᠪᠤᠷᠢᠲᠠᠶ ᠠᠵᠢᠯ ᠲᠠᠢ᠂ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠭᠰᠠᠨ ᠪᠥᠭᠡᠳ ᠲᠢᠶᠠᠨᠵᠢᠨ ᠳᠤ ᠠᠵᠢᠯᠯᠠᠵᠤ ᠪᠠᠶᠢᠭ᠎ᠠ ᠭᠠᠳᠠᠷ ᠮᠤᠵᠢ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠠᠵᠢᠯᠲᠠᠨ ᠠᠵᠢᠯᠴᠢᠨ ᠤ ᠲᠤᠭ᠎ᠠ ᠶᠢ ᠦᠨᠳᠦᠰᠦᠯᠡᠨ᠂ ︽ᠤᠷᠢᠳᠠᠪᠠᠷ ᠦᠭᠴᠦ ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠮᠠᠶ᠋ᠢᠭ ᠢᠶᠠᠷ ᠬᠥᠮᠦᠨ ᠪᠦᠷᠢ ᠳᠤ 300 ᠲᠥᠭᠦᠷᠢᠭ ᠤᠨ ᠪᠠᠷᠢᠮᠵᠢᠶ᠎ᠠ ᠶᠣᠰᠣᠭᠠᠷ ᠠᠵᠤ ᠠᠬᠤᠶᠢᠯᠠᠯ ᠳᠤ ᠨᠢᠭᠡ ᠯᠡ ᠤᠳᠠᠭ᠎ᠠ ᠶᠢᠨ ᠴᠢᠨᠠᠷᠲᠠᠶ ᠠᠵᠢᠯ ᠣᠯᠭᠤᠯᠲᠠ ᠶᠢ ᠲᠤᠬᠳᠠᠪᠤᠷᠢᠵᠢᠭᠤᠯᠬᠤ ᠨᠥᠬᠦᠪᠥᠷᠢ ᠥᠭᠴᠦ᠂ ᠠᠵᠤ ᠠᠬᠤᠶᠢᠯᠠᠯ ᠨᠢᠭᠡᠪᠦᠷᠢ ᠳᠤ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠦᠭᠭᠦᠨ᠎ᠡ᠃ ᠠᠵᠤ ᠠᠬᠤᠶᠢᠯᠠᠯ ᠳᠤ ᠦᠭᠭᠦᠭᠰᠡᠨ ᠨᠥᠬᠦᠪᠥᠷᠢ  ᠮᠥᠩᠭᠦ ᠶᠢ ᠪᠦᠬᠦᠨ ᠢ ᠭᠠᠳᠠᠷ ᠮᠤᠵᠢ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠠᠵᠢᠯᠲᠠᠨ ᠠᠵᠢᠯᠴᠢᠨ ᠳᠤ ︽ᠠᠵᠢᠯ ᠤᠨ ᠪᠠᠶᠢᠷᠢ ᠳᠤ ᠪᠠᠨ ᠦᠯᠡᠳᠡᠭᠰᠡᠨ ᠤᠯᠠᠭᠠᠨ ᠪᠠᠭᠯᠠᠭ᠎ᠠ︾ ᠦᠭᠭᠦ ᠳᠤ ᠲᠤᠭ᠎ᠠ ᠶᠤᠰᠤᠭᠠᠷ ᠨᠢ ᠬᠡᠷᠡᠭᠯᠡᠬᠦ ᠬᠡᠷᠡᠭᠲᠡᠶ ᠬᠡᠵᠡᠢ᠃      ᠡᠲᠡᠭᠡᠷ ᠬᠤᠲᠠ ᠪᠠᠷ ᠵᠣᠭᠰᠣᠬᠤ ᠥᠬᠡᠶ᠂ ᠨᠠᠩ ᠣᠯᠠᠨ ᠭᠠᠵᠠᠷ ᠣᠷᠣᠨ ᠨᠢ ᠲᠤᠰ ᠭᠠᠵᠠᠷ ᠲᠠᠭᠠᠨ ᠰᠢᠨᠡᠯᠡᠬᠦ ᠶᠢ ᠰᠠᠨᠠᠭᠠᠴᠢᠯᠠᠵᠦ ᠪᠠᠶᠢᠬᠤ ᠶᠢᠨ ᠬᠠᠮᠲᠤ᠂ ᠦᠨᠡᠨ ᠪᠣᠳᠠᠲᠠᠶ ᠵᠣᠭᠤᠰ ᠮᠥᠩᠭᠦ ᠭᠠᠷᠭᠠᠵᠤ᠂ ᠠᠷᠭ᠎ᠠ ᠪᠦᠬᠦᠨ ᠢ ᠰᠦᠪᠡᠭᠴᠢᠯᠡᠨ ᠰᠡᠳᠬᠢᠯ ᠳᠡᠯᠪᠢᠨ ᠬᠥᠮᠦᠨ ᠢ ᠦᠯᠡᠳᠡᠭᠡᠵᠦ᠂ ᠠᠵᠢᠯ ᠤᠨ ᠪᠠᠶᠢᠷᠢ ᠪᠠᠷ ᠬᠥᠮᠦᠨ ᠢ ᠦᠯᠡᠳᠡᠭᠡᠵᠦ᠂ ᠴᠠᠯᠢᠩ ᠢᠶᠠᠷ ᠬᠥᠮᠦᠨ ᠢ ᠦᠯᠡᠳᠡᠭᠡᠵᠦ᠂ ᠬᠠᠶᠢᠷ᠎ᠠ ᠰᠡᠳᠬᠢᠯᠭᠡ ᠪᠠᠷ ᠬᠥᠮᠦᠨ ᠢ ᠦᠯᠡᠳᠡᠭᠡᠵᠦ᠂ ᠭᠠᠳᠠᠨ᠎ᠠ ᠣᠷᠣᠨ ᠳᠤ ᠬᠦᠯᠦᠰᠦᠨ ᠠᠵᠢᠯ ᠬᠢᠵᠦ ᠪᠠᠶᠢᠭ᠎ᠠ ᠬᠦᠮᠦᠰ ᠲᠤ ᠬᠠᠷᠢ ᠨᠤᠲᠤᠭ ᠤᠨ ᠬᠠᠯᠠᠭᠤᠨ ᠳᠤᠯᠠᠭᠠᠨ ᠢ ᠮᠡᠳᠡᠷᠡᠭᠰᠡᠨ ᠲᠥᠷᠥᠭᠳᠡᠯ ᠣᠯᠭᠤᠬᠤ ᠪᠠᠷ ᠴᠢᠷᠮᠠᠶᠢᠵᠤ ᠪᠠᠶᠢᠨ᠎ᠠ᠃      ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ ᠣᠶᠢᠷ᠎ᠠ ᠳᠤ ᠪᠠᠰᠠ ᠮᠡᠳᠡᠭᠳᠡᠯ ᠳᠠᠷᠤᠮᠠᠯᠯᠠᠨ ᠲᠠᠷᠬᠠᠭᠠᠵᠤ᠂ 1 ᠰᠠᠷ᠎ᠠ ᠶᠢᠨ 21 ᠤ ᠡᠳᠦᠷ ᠠᠴᠠ 3 ᠰᠠᠷ᠎ᠠ ᠶᠢᠨ ᠰᠡᠭᠦᠯᠴᠢ ᠪᠣᠯᠲᠠᠯ᠎ᠠ ᠪᠥᠬᠦ ᠤᠯᠤᠰ ᠤᠨ ᠬᠡᠪᠴᠢᠶᠡᠨ ᠳᠤ ︽ᠴᠠᠭᠠᠨ ᠰᠠᠷ᠎ᠠ ᠶᠢ ᠤᠭᠲᠤᠵᠤ ᠬᠠᠶᠢᠷ᠎ᠠ ᠬᠠᠯᠠᠮᠵᠢ ᠬᠦᠷᠭᠡᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯᠳᠠᠨ ᠠᠵᠢᠯᠴᠢᠨ ᠢ ᠦᠯᠡᠳᠡᠭᠡᠬᠦ︾ ᠲᠤᠰᠬᠠᠶ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠪᠠᠶᠢᠷᠢ ᠳᠤ ᠪᠠᠨ ᠦᠯᠡᠳᠡᠭᠡᠭᠰᠡᠨ ᠬᠦᠮᠦᠰ ᠲᠤ ᠦᠭᠭᠦ ᠤᠯᠠᠭᠠᠨ ᠪᠠᠭᠯᠠᠭ᠎ᠠ᠂ ᠴᠠᠭᠠᠨ ᠰᠠᠷ᠎ᠠ ᠶᠢᠨ ᠪᠡᠯᠡᠭ ᠤᠨ ᠪᠠᠭᠯᠠᠭ᠎ᠠ᠂ ᠰᠣᠶᠣᠯ ᠵᠤᠭ᠎ᠠ ᠴᠡᠩᠭᠡᠯ ᠤᠨ ᠠᠵᠢᠯᠯᠠᠭ᠎ᠠ ᠳᠣᠭᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠴᠠᠯᠢᠩ ᠬᠥᠯᠥᠰᠥ᠂ ᠠᠮᠠᠷᠠᠯᠲᠠ ᠵᠡᠷᠭᠡ ᠬᠠᠷᠠᠭᠠᠯᠵᠠᠯ ᠤᠨ ᠪᠠᠲᠤᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠤ ᠲᠤᠰ ᠭᠠᠵᠠᠷ ᠲᠠᠭᠠᠨ ᠰᠢᠨᠡᠯᠡᠬᠦ᠂ ᠠᠵᠤ ᠠᠬᠤᠶᠢᠯᠠᠯ ᠳᠤ ᠪᠠᠨ ᠠᠮᠠᠷᠠᠯᠲᠠ ᠠᠪᠬᠤ ᠶᠢ ᠵᠣᠷᠢᠭᠵᠢᠭᠤᠯᠬᠤ ᠪᠠᠷ ᠪᠠᠶᠢᠨ᠎ᠠ᠃http://mongol.people.com.cn/15835645.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号