ᠲᠦᠳᠡᠭ ᠭᠠᠯ ᠠᠰᠠᠭᠠᠵᠤ ᠫᠤᠤᠵᠢᠩ ᠲᠠᠯᠪᠢᠬᠤ ᠶᠢ ᠲᠡᠪᠴᠢᠶ᠎ᠡ
ᠨᠡᠶᠢᠲᠡᠯᠡᠭᠰᠡᠨ ᠴᠠᠭ᠄
2021/1/21
     1 ᠳ᠋ᠤᠭᠡᠷ ᠰᠠᠷ᠎ᠠ ᠶᠢᠨ 20 ᠤ ᠡᠳᠦᠷ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠠᠶᠢᠬᠠᠨ ᠲᠣᠭᠤᠷᠢᠭ ᠤᠨ ᠷᠤ᠋ ᠢ ᠠᠭᠤᠳᠠᠮ ᠲᠠᠯᠠᠪᠠᠢ ᠳᠤ ᠫᠤᠤᠵᠢᠩ ᠲᠠᠯᠪᠢᠬᠤ ᠶᠢ ᠴᠠᠭᠠᠵᠠᠯᠠᠬᠤ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠳᠡᠯᠭᠡᠨ ᠦᠵᠡᠭᠦᠯᠬᠦ ᠰᠠᠮᠪᠠᠷ᠎ᠠ ᠪᠠᠷ ᠳᠡᠯᠭᠡᠨ ᠦᠵᠡᠭᠦᠯᠬᠦ᠂ ᠤᠬᠠᠭᠤᠯᠬᠤ ᠬᠠᠭᠤᠳᠠᠰᠤ ᠲᠠᠷᠬᠠᠭᠠᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠨᠡᠶᠢᠲᠡ ᠳᠤ ᠮᠠᠨ ᠤ ᠬᠤᠲᠠ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠬᠤᠯᠪᠣᠭᠳᠠᠯ ᠪᠥᠬᠦᠶ ᠲᠣᠭᠲᠠᠭᠠᠯ ᠢ ᠤᠬᠠᠭᠤᠯᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ︽ᠫᠤᠤᠵᠢᠩ ᠲᠠᠯᠪᠢᠬᠤ ᠶᠢ ᠴᠠᠭᠠᠵᠠᠯᠠᠬᠤ ᠰᠡᠷᠡᠮᠵᠢ ᠶᠢᠨ ᠲᠡᠮᠳᠡᠭ︾ ᠢ 1000 ᠭᠠᠷᠤᠶ ᠳᠠᠷᠤᠮᠠᠯᠯᠠᠭᠰᠠᠨ ᠤ ᠬᠠᠮᠲᠤ ᠬᠤᠲᠠ ᠶᠢᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠲᠠᠷᠬᠠᠭᠠᠭᠰᠠᠨ ᠪᠥᠭᠡᠳ ᠪᠥᠬᠦ ᠬᠤᠲᠠ ᠶᠢᠨ ᠪᠣᠶ ᠪᠥᠬᠦᠶ ᠲᠦᠷᠭᠡᠨ ᠬᠦᠷᠭᠡᠯᠲᠡ ᠶᠢᠨ ᠲᠡᠷᠭᠡ ᠬᠥᠰᠬᠡ ᠳᠡᠭᠡᠷ᠎ᠡ ᠨᠠᠭᠠᠵᠤ᠂ ᠲᠦᠷᠭᠡᠨ ᠬᠦᠷᠭᠡᠯᠲᠡ ᠶᠢᠨ ᠠᠵᠢᠯᠲᠠᠨ ᠢ ᠥᠷᠭᠡᠨ ᠢᠶᠠᠷ ᠳᠠᠶᠢᠴᠢᠯᠠᠨ ᠪᠥᠬᠦ ᠬᠤᠲᠠ ᠶᠢᠨ ᠫᠤᠤᠵᠢᠩ ᠲᠠᠯᠪᠢᠬᠤ ᠶᠢ ᠴᠠᠭᠠᠵᠠᠯᠠᠬᠤ ︽ᠤᠬᠠᠭᠤᠯᠤᠭᠴᠢ︾ ᠪᠣᠯᠭᠠᠵᠤ᠂  ᠡᠭᠦᠨ ᠤ ᠤᠯᠠᠮ ᠠᠴᠠ ᠨᠡᠩ ᠤᠯᠠᠨ ᠬᠦᠮᠦᠨ ᠳᠤ ᠮᠡᠳᠡᠭᠦᠯᠵᠦ᠂ ︽ᠬᠥᠮᠦᠨ ᠪᠦᠬᠦᠨ ᠮᠡᠳᠡᠵᠦ᠂ ᠬᠥᠮᠦᠨ ᠪᠦᠬᠦᠨ ᠣᠷᠣᠯᠴᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃      ᠣᠳᠣᠬᠠᠨ ᠪᠣᠯᠲᠠᠯ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠫᠤᠤᠵᠢᠩ ᠲᠠᠯᠪᠢᠬᠤ ᠂ ᠺᠦᠩ ᠮᠢᠩ ᠳ᠋ᠧᠩ ᠠᠰᠠᠭᠠᠬᠤ᠂ ᠲᠦᠳᠡᠭ ᠭᠠᠯ ᠠᠰᠠᠭᠠᠬᠤ ᠶᠢ ᠴᠠᠭᠠᠵᠠᠯᠠᠬᠤ ᠲᠤᠬᠠᠶ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠤᠨ ᠤᠬᠠᠭᠤᠯᠭ᠎ᠠ ᠶᠢᠨ ᠠᠯᠪᠠᠨ ᠵᠠᠷᠯᠠᠯ 6000 ᠭᠠᠷᠤᠶ ᠬᠤᠪᠢ᠂ ᠤᠬᠠᠭᠤᠯᠭ᠎ᠠ ᠶᠢᠨ ᠮᠠᠲ᠋ᠧᠷᠢᠶᠠᠯ 3 ᠲᠦᠮᠡ ᠭᠠᠷᠤᠶ ᠬᠤᠪᠢ᠂ ︽ᠰᠠᠨᠠᠭᠠᠴᠢᠯᠠᠭ᠎ᠠ ᠶᠢᠨ ᠪᠢᠴᠢᠭ︾ 1000 ᠭᠠᠷᠤᠶ ᠬᠤᠪᠢ ᠶᠢ ᠳᠠᠷᠤᠮᠠᠯᠯᠠᠨ ᠲᠠᠷᠬᠠᠭᠠᠪᠠ᠃   ᠰᠤᠷᠪᠤᠯᠵᠢᠯᠠᠭᠴᠢ ᠯᠢᠶᠠᠩ ᠵᠢᠩ ᠱᠤ᠋ ᠴᠢᠮᠡᠭᠡᠯᠡᠭᠴᠢ ᠯᠢ ᠸᠧᠨ ᠪᠢᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号