ᠬᠥᠬᠡᠬᠤᠲᠠ ᠶᠢᠨ ᠬᠤᠲᠠ ᠶᠢᠨ ᠶᠡᠭᠡ ᠲᠠᠷᠢᠬᠢ ᠡᠬᠢᠯᠡᠵᠦ ᠠᠵᠢᠯᠯᠠᠪᠠ
ᠨᠡᠶᠢᠲᠡᠯᠡᠭᠰᠡᠨ ᠴᠠᠭ᠄
2021/1/21
               ᠸᠠᠩ ᠯᠢ ᠰᠢᠶᠠ  ᠠᠢ ᠯᠢ ᠬᠤᠸᠠ ᠡᠬᠢᠯᠡᠯᠲᠡ ᠶᠢᠨ ᠶᠤᠰᠤᠯᠠᠯ ᠳᠤ ᠤᠷᠤᠯᠴᠠᠵᠤ                ᠵᠠᠩ ᠪᠠᠢ ᠴᠧᠩ ᠡᠷᠬᠢᠯᠡᠪᠡ  ᠶᠦᠨ ᠵᠢᠶᠠᠨ ᠳ᠋ᠦᠩ ᠰᠦᠨ ᠵᠢᠶᠠᠨ ᠬᠤᠸᠠ                ᠯᠦᠸᠧ ᠴᠢᠩ ᠤᠷᠤᠯᠴᠠᠪᠠ      ︵ᠰᠣᠷᠪᠤᠯᠵᠢᠯᠠᠭᠴᠢ ᠹᠧᠩ ᠶᠠᠨ ᠫᠢᠩ︶1 ᠳ᠋ᠤᠭᠡᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ  ᠬᠠᠮᠤᠭ ᠤᠨ ᠠᠩᠬᠠᠨ ᠤ ︽ᠬᠤᠲᠠ ᠶᠢᠨ ᠲᠠᠰ︾ ᠤᠨ ᠬᠤᠲᠠ ᠶᠢᠨ ᠶᠡᠭᠡ ᠲᠠᠷᠢᠬᠢ— ᠬᠥᠬᠡᠬᠤᠲᠠ ᠶᠢᠨ ᠬᠤᠲᠠ ᠶᠢᠨ ᠶᠡᠭᠡ ᠲᠠᠷᠢᠬᠢ ᠬᠥᠬᠡᠬᠤᠲᠠ ᠶᠢᠨ ᠤᠶᠤᠨᠲᠤ ᠬᠤᠲᠠ ᠶᠢᠨ ᠵᠢᠯᠣᠭᠤᠳᠬᠤ ᠲᠥᠪ ᠲᠤ ᠠᠰᠢᠭᠯᠠᠯᠲᠠ ᠳᠤ ᠤᠷᠤᠪᠠ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠢ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᠪᠠᠶ ᠴᠧᠩ ᠡᠷᠭᠢᠯᠡᠪᠡ᠃
         ︽ᠬᠤᠳᠠ ᠶᠢᠨ ᠶᠡᠭᠡ ᠲᠠᠷᠢᠬᠢ︾ ᠶᠢ ᠪᠦᠳᠦᠭᠡᠨ ᠪᠠᠶᠢᠭᠤᠯᠬᠤ ᠪᠣᠯ ᠴᠢᠨᠠᠷ ᠰᠠᠶᠢᠲᠠᠢ ᠲᠠᠪᠠᠯᠳᠠᠳᠤ ᠬᠥᠭᠵᠢᠯᠲᠡ ᠶᠢ ᠪᠡᠶᠡᠯᠡᠭᠦᠯᠬᠦ ᠶᠢᠨ ᠳᠣᠲᠣᠭᠠᠳᠤ ᠱᠠᠭᠠᠷᠳᠠᠯᠭ᠎ᠠ ᠪᠣᠯᠬᠤ ᠪᠥᠭᠡᠳ ᠬᠤᠳᠠ ᠶᠢᠨ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠴᠢᠬᠤᠯᠠ ᠠᠴᠢᠶᠠᠯᠠᠪᠤᠷᠢ ᠪᠣᠯᠤᠨ᠎ᠠ᠂ ᠨᠡᠩ ᠴᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠪᠦᠲᠦᠮᠵᠢᠲᠡᠢ ᠭᠠᠷᠳᠠᠴᠠ ᠪᠣᠯᠤᠨ᠎ᠠ᠃ ᠬᠥᠬᠡᠬᠤᠲᠠ ᠶᠢᠨ ᠶᠡᠭᠡ ᠲᠠᠷᠢᠬᠢ ᠨᠢ ᠨᠢᠭᠡ ᠬᠤᠲᠠ ᠶᠢᠨ ᠶᠡᠭᠡ ᠲᠠᠷᠢᠬᠢᠨ ᠤ ᠤᠶᠤᠨᠲᠤ ᠲᠥᠪ᠂ ᠮᠡᠳᠡᠷᠡᠬᠦᠶ᠂ ᠲᠤᠭ᠎ᠠ ᠪᠠᠷᠢᠮᠲᠠ᠂ ᠠᠮᠤᠷ ᠲᠦᠪᠰᠢᠨ᠂ ︽ᠬᠥᠬᠡ ᠬᠤᠲᠠ ᠳᠤ ᠬᠠᠶᠢᠷᠠᠲᠠᠢ︾ App ᠳᠥᠷᠪᠡᠨ ᠦᠨᠳᠦᠰᠦᠨ ᠲᠤᠯᠭᠠᠭᠤᠷᠢᠯᠠᠬᠤ ᠰᠢᠰᠲ᠋ᠧᠮ ᠵᠢᠴᠢ ᠡᠭᠦᠨ ᠠᠴᠠ ᠪᠣᠶ ᠪᠣᠯᠤᠭᠰᠠᠨ N ᠤᠯᠠᠨ ᠬᠡᠷᠡᠭᠯᠡᠭᠡᠨ ᠢᠶᠠᠷ ᠪᠦᠷᠢᠯᠳᠦᠵᠡᠶ᠂ ᠲᠤᠬᠠᠶᠢᠯᠠᠪᠠᠯ ︽1 + 4 + N︾ ᠪᠣᠯᠤᠨ᠎ᠠ᠃ ᠨᠢᠳᠤᠨᠤᠨ ᠤ 10 ᠳ᠋ᠤᠭᠠᠷ ᠰᠠᠷ᠎ᠠ ᠳᠤ᠂ ᠬᠥᠬᠡᠬᠤᠲᠠ ᠶᠢᠨ ᠤᠶᠤᠨᠲᠤ ᠬᠤᠲᠠ ᠶᠢᠨ ᠨᠢᠭᠡᠳᠦᠭᠡᠷ ᠬᠤᠭᠤᠴᠠᠭᠠᠨ ᠤ ᠲᠥᠷᠥᠯ  ᠵᠦᠢᠯ ᠪᠥᠬᠦ ᠲᠠᠯ᠎ᠠ ᠪᠠᠷ ᠪᠠᠷᠢᠯᠭ᠎ᠠ ᠡᠬᠢᠯᠡᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠥᠨᠳᠥᠷ ᠪᠠᠶᠢᠷᠢ ᠶᠢᠨ ᠠᠬᠢᠭᠤᠯᠤᠯ ᠳᠣᠤᠷ᠎ᠠ᠂ ᠣᠬᠤᠷᠬᠠᠨ ᠭᠤᠷᠪᠠᠨ ᠰᠠᠷ᠎ᠠ ᠶᠢᠨ ᠳᠣᠲᠣᠷ᠎ᠠ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠵᠦ᠂ ᠬᠤᠲᠠ ᠶᠢᠨ ᠶᠡᠭᠡ ᠲᠠᠷᠢᠬᠢᠨ ᠤ ᠪᠥᠲᠥᠭᠡᠨ ᠪᠠᠶᠢᠭᠤᠯᠤᠯᠲᠠ ᠶᠢᠨ ᠬᠥᠬᠡᠬᠤᠲᠠ ᠶᠢᠨ ᠬᠤᠷᠳᠤᠴᠠ ᠶᠢ ᠡᠭᠦᠳᠪᠡ᠃
           ᠲᠠᠨᠢᠯᠴᠠᠭᠤᠯᠤᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠬᠥᠬᠡᠬᠤᠲᠠ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠪᠣᠯᠤᠨ᠎ᠠ᠄      ᠨᠢᠭᠡ ᠳᠤ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠭᠦᠨᠵᠡᠭᠡᠢ ᠬᠢᠨ᠎ᠡ᠃ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︽ᠤᠶᠤᠨᠳᠤ ᠬᠡᠷᠡᠭᠯᠡᠭᠡᠨ︾ ᠤ ᠲᠤᠷᠰᠢᠯᠲᠠ ᠶᠢᠨ ᠴᠡᠭ ᠢ ᠲᠦᠷᠭᠡᠳᠬᠡᠨ ᠲᠡᠭᠦᠯᠳᠡᠷᠵᠢᠭᠦᠯᠬᠦ ᠶᠢᠨ ᠬᠠᠮᠲᠤ᠂ ︽ᠴᠡᠭ︾ ᠤᠨ ᠲᠠᠯ᠎ᠠ ᠠᠴᠠ᠂ ᠲᠤᠷᠰᠢᠯᠲᠠ ᠶᠢᠨ ᠴᠡᠭ ᠤᠨ ᠲᠤᠷᠰᠢᠯᠭ᠎ᠠ ᠪᠠᠨ ᠰᠠᠶᠢᠲᠤᠷ ᠳ᠋ᠦᠩᠨᠡᠵᠦ᠂ ᠬᠡᠷᠡᠭᠯᠡᠭᠡᠨ ᠤ ᠴᠢᠳᠠᠮᠵᠢ ᠶᠢ ᠦᠷᠭᠦᠯᠵᠢᠯᠡᠨ ᠨᠡᠭᠡᠭᠡᠨ ᠬᠥᠭᠵᠢᠭᠦᠯᠵᠦ᠂ ᠬᠡᠷᠡᠭᠯᠡᠭᠡᠨ ᠤ ᠬᠦᠴᠦᠨ ᠴᠢᠳᠠᠪᠤᠷᠢ ᠶᠢ ᠲᠠᠰᠤᠷᠠᠯᠲᠠ ᠤᠢᠭᠡᠢ ᠠᠭᠤᠳᠠᠯᠤᠨ᠎ᠠ︔ ︽ᠨᠡᠶᠢᠳᠡᠮ︾ ᠤᠨ ᠲᠠᠯ᠎ᠠ ᠠᠴᠠ᠂ ᠭᠠᠵᠠᠷ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠪᠣᠯᠪᠠᠰᠤᠷᠠᠩᠭᠤᠶ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠰᠦᠪᠡᠭᠴᠢᠯᠡᠨ ᠪᠣᠶ ᠪᠣᠯᠭᠠᠵᠤ᠂ ᠬᠡᠷᠡᠭᠯᠡᠭᠡᠨ ᠤ ᠲᠤᠷᠰᠢᠯᠲᠠ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃      ᠬᠤᠶᠠᠷ ᠲᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠪᠤᠳᠠᠳᠠᠢ ᠬᠢᠨ᠎ᠡ᠃ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠳᠡᠭᠡᠷ᠎ᠡ᠂ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠯᠬᠢᠨ ᠠᠬᠢᠭᠤᠯᠵᠤ᠂12 ᠲᠥᠷᠥᠯ ᠵᠦᠢᠯ + N  ᠬᠤᠲᠠ ᠶᠢᠨ ᠶᠡᠭᠡ ᠲᠠᠷᠢᠬᠢᠨ ᠳᠤ ᠰᠠᠭᠤᠷᠢᠯᠠᠬᠤ ᠥᠷᠭᠡᠳᠭᠡᠯ ᠬᠡᠷᠡᠭᠯᠡᠭᠡᠨ ᠢ ᠠᠩᠬ᠎ᠠ ᠠᠯᠬᠤᠮ ᠲᠤᠭᠲᠠᠭᠠᠨ᠎ᠠ᠃      ᠭᠤᠷᠪᠠ ᠳᠤ᠂ ᠤᠶᠤᠨᠳᠤ ᠬᠡᠷᠡᠭᠯᠡᠭᠡᠨ ᠢ ᠰᠢᠯᠢᠳᠡᠭᠵᠢᠭᠦᠯᠦᠨ᠎ᠡ᠃ ᠠᠷᠠᠳ ᠤᠨ ᠠᠮᠢᠳᠤᠷᠠᠯ ᠢ ᠳᠣᠪᠤᠶᠢᠯᠭᠠᠬᠤ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠤᠨ ᠬᠡᠷᠡᠭᠯᠡᠭᠡᠨ ᠢ ᠨᠠᠩ ᠣᠨᠣᠪᠴᠢᠲᠠᠶ ᠪᠠᠷ ᠨᠡᠭᠡᠭᠡᠨ ᠬᠥᠭᠵᠢᠭᠦᠯᠵᠦ᠂ ᠪᠤᠳᠤᠬᠤ ᠠᠷᠭ᠎ᠠ ᠶᠢ ᠴᠢᠷᠮᠠᠶᠢᠨ ᠰᠢᠯᠢᠳᠡᠭᠵᠢᠭᠦᠯᠵᠦ᠂ ᠠᠵᠢᠯᠯᠠᠬᠤ ᠴᠤᠪᠤᠷᠠᠯ ᠢ ᠳᠥᠭᠦᠮᠴᠢᠯᠡᠨ᠂ ᠬᠡᠷᠡᠭᠯᠡᠬᠦ ᠳᠤ ᠨᠡᠩ ᠠᠮᠠᠷᠬᠠᠨ ᠪᠣᠯᠭᠠᠨ᠎ᠠ᠃
         ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ ᠬᠥᠬᠡᠬᠤᠲᠠ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠪᠠᠶᠢᠳᠠᠯ ᠢ ᠲᠠᠨᠢᠯᠴᠠᠭᠤᠯᠪᠠ᠃ ᠬᠥᠬᠡᠬᠤᠲᠠ ᠶᠢᠨ ᠬᠤᠲᠠ ᠶᠢᠨ ᠶᠡᠭᠡ ᠲᠠᠷᠢᠬᠢᠨ ᠤ ᠶᠡᠷᠦᠩᠬᠡᠶ ᠪᠦᠲᠦᠴᠡ ᠶᠢᠨ ᠢᠨᠵᠧᠨᠧᠷ᠂ ᠵᠥᠪᠯᠡᠭᠴᠢ ᠲᠤᠰᠬᠠᠶ ᠮᠡᠷᠭᠡᠵᠢᠯᠲᠡᠨ ᠵᠠᠩ ᠫᠧᠩ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠷᠢᠭᠤ ᠮᠡᠳᠡᠭᠦᠯᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠣᠮᠣ ᠳ᠋ᠠᠶᠢᠲ᠋ᠠ ᠶᠢᠨ ᠲᠥᠪ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ ᠤᠷᠢᠯᠭ᠎ᠠ ᠪᠠᠷ ᠣᠷᠣᠯᠴᠠᠪᠠ᠃      ᠬᠤᠲᠠ ᠶᠢᠨ ᠤᠳᠤᠷᠢᠳᠤᠯᠭ᠎ᠠ ᠶᠦᠨ ᠵᠢᠶᠠᠨ ᠳ᠋ᠦᠩ᠂ ᠰᠦᠨ ᠵᠢᠶᠠᠨ ᠬᠤᠸᠠ᠂ ᠯᠦᠸᠧ ᠴᠢᠩ᠂ ᠭᠠᠩᠪᠦ᠋ᠬᠡ ᠂ ᠵᠠᠩ ᠶᠢᠨ ᠫᠢᠩ᠂ ᠴᠠᠩ ᠫᠸᠢ ᠵᠥᠩ᠂ ᠪᠠᠶ ᠶᠦᠩ ᠫᠢᠩ᠂ ᠯᠢᠦ ᠴᠧᠩ ᠮᠢᠨ᠂ ᠸᠠᠩ ᠬᠤᠤ ᠯᠸᠢ᠂ ᠦ᠋ ᠸᠧᠨ ᠮᠢᠩ᠂ ᠰᠢᠤᠢ ᠷᠦᠢ ᠰᠢᠶᠠ᠂ ᠪᠢ ᠭᠦᠸᠧ ᠴᠧᠨ᠂ ᠶᠦᠨ ᠰᠢᠨ ᠮᠢᠩ᠂ ᠴᠢᠶᠣᠤ ᠶᠦᠨ ᠯᠢ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠤᠤ ᠳ᠋ᠦᠩ ᠵᠢᠴᠢ ᠬᠤᠯᠪᠤᠭᠳᠠᠯ ᠪᠥᠬᠦᠶ ᠭᠠᠵᠠᠷ ᠣᠷᠣᠨ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠵᠠᠶ᠃ ︵ᠵᠢᠷᠤᠭ ᠢ ᠬᠦᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ ᠠᠴᠠ ᠪᠠᠭᠤᠯᠭᠠᠪᠠ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号