ᠥᠪᠥᠷ ᠮᠣᠩᠭᠤᠯ ᠠᠴᠠ ᠾᠧᠨᠠᠨ ᠬᠦᠷᠬᠦ ᠬᠦᠳᠡᠯᠭᠡᠭᠦᠷᠲᠦ ᠴᠤᠪᠤᠭ᠎ᠠ ᠲᠡᠷᠭᠡ ᠨᠡᠪᠳᠡᠷᠡᠯ᠎ᠡ
ᠨᠡᠶᠢᠲᠡᠯᠡᠭᠰᠡᠨ ᠴᠠᠭ᠄
2021/1/21
   
     1 ᠳ᠋ᠤᠭᠡᠷ ᠰᠠᠷ᠎ᠠ ᠶᠢᠨ 20 ᠤ ᠡᠳᠦᠷ ᠤᠨ 12 ᠴᠠᠭ 42 ᠮᠢᠨᠦ᠋ᠲ ᠲᠤ᠂ ᠪᠤᠭᠤᠲᠤ ᠠᠴᠠ ᠵᠧᠩᠵᠧᠤ ᠬᠥᠷᠬᠦ ᠠᠩᠬᠠᠨ ᠤ ᠡᠭᠡᠯᠵᠢ ᠶᠢᠨ ᠰᠢᠭᠤᠳ ᠨᠡᠪᠲᠡᠷᠡᠬᠦ ᠬᠦᠳᠡᠯᠭᠡᠭᠦᠷᠲᠦ ᠴᠤᠪᠤᠭ᠎ᠠ ᠲᠡᠷᠭᠡ ᠪᠤᠭᠤᠲᠤ ᠥᠷᠲᠡᠭᠡ ᠠᠴᠠ ᠠᠯᠭᠤᠷᠬᠠᠨ ᠮᠣᠷᠳᠠᠪᠠ᠂ ᠡᠨᠡ ᠨᠢ ᠥᠪᠥᠷ ᠮᠣᠩᠭᠤᠯ ᠠᠩᠬ᠎ᠠ ᠤᠳᠠᠭ᠎ᠠ ᠾᠧᠨᠠᠨ ᠬᠦᠷᠬᠦ ᠴᠢᠭᠯᠡᠯ ᠤᠨ ᠬᠥᠳᠡᠯᠭᠡᠭᠦᠷᠲᠦ ᠴᠤᠪᠤᠭ᠎ᠠ ᠲᠡᠷᠭᠡ ᠶᠢ ᠠᠵᠢᠯᠯᠠᠭᠤᠯᠵᠤ ᠪᠠᠶᠢᠭ᠎ᠠ ᠶᠠᠪᠤᠳᠠᠯ ᠪᠣᠯᠬᠤ ᠶᠤᠮ᠃      ᠪᠤᠭᠤᠲᠤ ᠪᠣᠯᠤᠨ ᠵᠧᠩᠵᠧᠤ ᠶᠢᠨ ᠬᠤᠭᠤᠷᠣᠨᠳᠣᠬᠢ D 2781 / 2 / 3 / 4 ᠤᠳᠠᠭ᠎ᠠ ᠶᠢᠨ ᠬᠥᠳᠡᠯᠭᠡᠭᠦᠷᠲᠦ ᠴᠤᠪᠤᠭ᠎ᠠ ᠲᠡᠷᠭᠡ ᠬᠥᠬᠡᠬᠤᠲᠠ᠂ ᠤᠯᠠᠭᠠᠨᠴᠠᠪ᠂ ᠳ᠋ᠠᠲ᠋ᠦ᠋ᠩ᠂ ᠲᠠᠶᠢᠶᠤᠸᠠᠨ᠂ ᠴᠠᠩ ᡁᠢ᠂ ᠵᠢᠨᠴᠧᠩ᠂ ᠵᠢᠶᠤᠤ ᠽᠦᠸᠧ ᠵᠡᠷᠭᠡ ᠬᠤᠲᠠ ᠪᠠᠷ ᠥᠩᠭᠡᠷᠡᠵᠦ᠂ 8 ᠴᠠᠭ 35 ᠮᠢᠨᠦ᠋ᠲ ᠠᠶᠠᠯᠠᠵᠤ᠂ ᠤᠤᠯ ᠤᠨ ᠡᠩ ᠤᠨ ᠬᠤᠷᠳᠤᠴᠠᠲᠤ ᠴᠤᠪᠤᠭ᠎ᠠ ᠲᠡᠷᠭᠡ ᠲᠠᠢ ᠬᠠᠷᠢᠴᠠᠭᠤᠯᠪᠠᠯ 9 ᠴᠠᠭ ᠣᠷᠴᠢᠮ ᠪᠣᠭᠤᠨᠢᠰᠪᠠ᠃ ᠡᠨᠡ ᠬᠦ ᠬᠥᠳᠡᠯᠭᠡᠭᠦᠷᠲᠦ ᠴᠤᠪᠤᠭ᠎ᠠ ᠲᠡᠷᠭᠡ ᠶᠢᠨ ᠠᠶᠠᠯᠠᠯ ᠨᠢ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠥᠭᠡᠮᠨᠡᠷᠡᠯ ᠪᠣᠯᠤᠨ ᠳᠤᠮᠳᠠᠳᠤ ᠣᠷᠣᠨ ᠤ ᠬᠤᠲᠠ ᠶᠢᠨ ᠪᠥᠭᠡᠮᠨᠡᠷᠡᠯ ᠤᠨ ᠬᠠᠷᠢᠯᠴᠠᠭ᠎ᠠ ᠶᠢ ᠨᠠᠩ ᠨᠢᠭᠲᠠᠷᠠᠭᠤᠯᠵᠤ᠂ ᠵᠠᠮ ᠳᠠᠭᠠᠤ ᠶᠢᠨ ᠬᠤᠲᠠ ᠳᠤ ᠬᠥᠭᠵᠢᠯᠲᠡ ᠶᠢᠨ ᠰᠢᠨ᠎ᠡ ᠠᠵᠠ ᠲᠣᠬᠢᠶᠠᠯ ᠪᠠ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠶ ᠶᠢ ᠠᠪᠴᠢᠷᠠᠵᠤ᠂ ᠵᠠᠮ ᠳᠠᠭᠠᠤ ᠶᠢᠨ ᠠᠷᠠᠳ ᠢᠷᠭᠡᠳ ᠤᠨ ᠶᠠᠪᠤᠵᠤ ᠰᠠᠭᠤᠬᠤ ᠰᠣᠩᠭᠤᠯᠲᠠ ᠶᠢ ᠴᠤ ᠨᠠᠩ ᠣᠯᠠᠨ ᠶᠠᠩᠵᠤ ᠶᠢᠨ ᠪᠣᠯᠭᠠᠪᠠ᠃                                               ᠰᠤᠷᠪᠤᠯᠵᠢᠯᠠᠭᠴᠢ ᠶᠦᠨ ᠶᠠᠨ ᠹᠠᠩ ᠰᠡᠭᠦᠳᠡᠷᠯᠡᠪᠡ  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号