ᠰᠢᠨ᠎ᠡ ᠬᠤᠲᠠ ᠲᠣᠭᠤᠷᠢᠭ ᠬᠤᠲᠠ ᠶᠢᠨ ᠶᠠᠰᠤ ᠴᠢᠨᠠᠷ ᠪᠠ ᠢᠳᠡᠭᠡᠨ ᠤ ᠠᠮᠤᠷ ᠲᠦᠪᠰᠢᠨ ᠤ ᠠᠵᠢᠯ ᠢ ᠰᠢᠯᠭᠠᠨ ᠬᠢᠨᠠᠬᠤ ᠳᠤᠭᠤᠶᠢᠯᠠᠩ ᠤᠨ ᠲᠤᠬᠠᠢ ᠶᠢᠨ ᠲᠠᠯᠠᠪᠠᠢ ᠳᠤ ᠰᠢᠯᠭᠠᠨ ᠬᠢᠨᠠᠬᠤ ᠶᠢ ᠤᠭᠲᠤᠨ᠎ᠠ
ᠨᠡᠶᠢᠲᠡᠯᠡᠭᠰᠡᠨ ᠴᠠᠭ᠄
2021/1/22
     2021 ᠣᠨ ᠤ 1 ᠳ᠋ᠦ᠋ᠭᠡᠷ ᠰᠠᠷ᠎ᠠ ᠶᠢᠨ 19 ᠤ ᠡᠳᠦᠷ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠹᠠᠩ ᠵᠠᠨ  ᠶᠤᠸᠠᠨ ᠠᠴᠠ ᠪᠦᠯᠬᠦᠮ ᠳᠠᠭᠠᠭᠤᠯᠤᠭᠰᠠᠨ ᠬᠤᠲᠠ ᠶᠢᠨ ᠶᠠᠰᠤ ᠴᠢᠨᠠᠷ ᠤᠨ ᠠᠵᠢᠯ ᠤᠨ ᠳᠤᠭᠤᠶᠢᠯᠠᠩ ᠪᠠ ᠢᠳᠡᠭᠡᠨ ᠤ ᠠᠮᠤᠷ ᠲᠦᠪᠰᠢᠨ ᠤ ᠠᠵᠢᠯ ᠤᠨ ᠳᠤᠭᠤᠶᠢᠯᠠᠩ ᠰᠢᠨ᠎ᠡ ᠬᠤᠲᠠ ᠲᠣᠭᠤᠷᠢᠭ ᠤᠨ ᠬᠠᠮᠢᠶ᠎ᠠ ᠪᠥᠬᠦᠶ ᠠᠵᠢᠯ ᠢ ᠬᠢᠨᠠᠨ ᠰᠢᠯᠭᠠᠨ᠎ᠠ ᠃ ᠲᠣᠰ ᠤᠳᠠᠭᠠᠨ ᠤ ᠰᠢᠯᠭᠠᠨ ᠬᠢᠨᠠᠯᠲᠠ ᠶᠢ ᠠᠵᠢᠯ ᠤᠨ ᠬᠠᠷᠢᠭᠤ ᠮᠡᠳᠡᠭᠦᠯᠦᠯᠲᠡ᠂ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠢᠯᠭᠠᠬᠤ ᠵᠡᠷᠭᠡ ᠬᠡᠯᠪᠡᠷᠢ ᠪᠠᠷ ᠶᠠᠪᠤᠭᠳᠠᠭᠤᠯᠵᠤ᠂ ᠰᠢᠨ᠎ᠡ ᠬᠤᠲᠠ ᠲᠣᠭᠤᠷᠢᠭ ᠤᠨ ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠵᠢᠴᠢ ᠢᠳᠡᠭᠡᠨ ᠪᠠ ᠡᠮ ᠤᠨ ᠵᠣᠶᠢᠯ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠬᠦᠨ ᠨᠢᠭᠡᠴᠡ ᠰᠢᠯᠭᠠᠨ ᠬᠢᠨᠠᠬᠤ ᠳᠤ ᠣᠷᠣᠯᠴᠠᠪᠠ᠃ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠣᠳᠣᠨ ᠬᠤᠷᠠᠯ ᠳᠤ ᠣᠷᠣᠯᠴᠠᠭᠰᠠᠨ ᠪᠥᠭᠡᠳ ᠰᠢᠨ᠎ᠡ ᠬᠤᠲᠠ ᠲᠣᠭᠤᠷᠢᠭ ᠤᠨ ᠶᠠᠰᠤ ᠴᠢᠨᠠᠷ᠂ ᠢᠳᠡᠭᠡᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃
     ᠹᠠᠩ ᠵᠠᠨ ᠶᠤᠸᠠᠨ ᠪᠠᠶᠢᠴᠠᠭᠠᠨ ᠰᠤᠳᠤᠯᠤᠭᠴᠢ ᠰᠢᠨ᠎ᠡ ᠬᠤᠲᠠ ᠲᠣᠭᠤᠷᠢᠭ ᠤᠨ ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠠᠵᠢᠯ᠂ ᠢᠳᠡᠭᠡᠨ ᠤ ᠠᠮᠤᠷ ᠲᠦᠪᠰᠢᠨ ᠤ ᠠᠵᠢᠯ ᠤᠨ ᠠᠮᠵᠢᠯᠲᠠ ᠪᠦᠲᠦᠮᠵᠢ ᠶᠢ ᠨᠤᠲᠠᠯᠠᠪᠠ᠃ ᠲᠡᠷᠡ ᠵᠢᠭᠠᠵᠣ ᠭᠠᠷᠭᠠᠭᠰᠠᠨ ᠨᠢ᠂ ᠰᠢᠨ᠎ᠡ ᠬᠤᠲᠠ ᠲᠣᠭᠤᠷᠢᠭ ᠤᠨ ᠬᠠᠷᠢᠭᠤ ᠮᠡᠳᠡᠭᠦᠯᠦᠯᠲᠡ ᠶᠢᠨ ᠠᠭᠤᠯᠭ᠎ᠠ ᠨᠢ ᠨᠠᠷᠢᠨ ᠪᠣᠳᠠᠲᠠᠶ ᠪᠥᠬᠦ ᠲᠠᠯ᠎ᠠ ᠶᠢᠨ ᠪᠠᠶᠢᠵᠤ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠶᠠᠰᠤ ᠴᠢᠨᠠᠷ ᠪᠠ ᠢᠳᠡᠭᠡᠨ ᠤ ᠠᠮᠤᠷ ᠲᠦᠪᠰᠢᠨ ᠤ ᠠᠵᠢᠯ ᠢ ᠴᠢᠬᠤᠯᠠᠴᠢᠯᠠᠵᠤ ᠪᠠᠶᠢᠬᠤ ᠶᠢ  ᠭᠦᠢᠴᠡᠳ ᠬᠠᠷᠠᠭᠤᠯᠵᠤ ᠪᠠᠶᠢᠨ᠎ᠠ᠃ ᠰᠢᠨ᠎ᠡ ᠨᠢᠭᠡ ᠵᠢᠯ ᠳᠤ᠂ ᠰᠢᠨ᠎ᠡ ᠬᠤᠲᠠ ᠲᠣᠭᠤᠷᠢᠭ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠵᠠᠮ ᠨᠡᠭᠡᠭᠡᠨ ᠰᠢᠨ᠎ᠡ ᠶᠢ ᠡᠭᠦᠳᠴᠦ᠂ ᠦᠨᠡᠨᠬᠦ ᠠᠳᠬᠤᠨ ᠪᠣᠳᠠᠲᠠᠶ ᠪᠠᠷ ᠠᠵᠢᠯᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠲᠥᠯᠥᠭᠡ ᠴᠥᠬᠦᠷᠡᠰᠢ ᠥᠬᠡᠶ ᠲᠡᠮᠡᠴᠡᠬᠦ ᠶᠢ ᠬᠦᠰᠡᠵᠦ ᠪᠠᠶᠢᠨ᠎ᠠ᠃      ᠰᠢᠯᠭᠠᠨ ᠬᠢᠨᠠᠬᠤ ᠳᠤᠭᠤᠶᠢᠯᠠᠩ ᠤᠨ ᠬᠢᠨ ᠡᠯ᠎ᠡ ᠪᠦᠷᠢᠯᠳᠦᠬᠦᠨ ᠨᠢᠭᠡᠴᠡ ᠶᠢᠨ ᠬᠠᠮᠢᠶ᠎ᠠ ᠪᠥᠬᠦᠶ ᠠᠵᠢᠯ ᠤᠨ ᠮᠠᠲ᠋ᠧᠷᠢᠶᠠᠯ ᠢ ᠲᠤᠬᠠᠶ ᠶᠢᠨ ᠲᠠᠯᠠᠪᠠᠶ ᠳᠤ ᠪᠠᠶᠢᠴᠠᠭᠠᠨ ᠦᠵᠡᠭᠰᠡᠨ ᠪᠥᠭᠡᠳ ᠵᠢᠮᠢᠰ ᠨᠣᠭᠤᠭ᠎ᠠ ᠳᠠᠷᠢᠬᠤ ᠰᠠᠭᠤᠷᠢᠨ ᠭᠠᠵᠠᠷ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠠᠬᠤᠶᠢᠯᠠᠯ ᠳᠤ ᠭᠦᠨᠵᠡᠭᠡᠶᠢᠷᠡᠨ ᠰᠢᠨ᠎ᠡ ᠬᠤᠲᠠ ᠲᠣᠭᠤᠷᠢᠭ ᠤᠨ ᠶᠠᠰᠤ ᠴᠢᠨᠠᠷ ᠪᠠ ᠢᠳᠡᠭᠡᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃
     ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠣᠰ ᠤᠳᠠᠭᠠᠨ ᠤ ᠬᠢᠨᠠᠨ ᠰᠢᠯᠭᠠᠯᠲᠠ ᠪᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠶᠠᠰᠤ ᠴᠢᠨᠠᠷ ᠪᠠ ᠢᠳᠡᠭᠡᠨ ᠤ ᠠᠮᠤᠷ ᠲᠦᠪᠰᠢᠨ ᠵᠡᠷᠭᠡ ᠡᠯ᠎ᠡ ᠵᠣᠶᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠨ᠎ᠡ ᠬᠤᠲᠠ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号