ᠭᠠᠯ ᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ
ᠨᠡᠶᠢᠲᠡᠯᠡᠭᠰᠡᠨ ᠴᠠᠭ᠄
2021/1/22
      ᠡᠪᠦᠯ ᠤᠨ ᠤᠯᠠᠷᠢᠯ ᠤᠨ ᠣᠢ ᠰᠢᠭᠤᠢ ᠶᠢᠨ ᠭᠠᠯ ᠢ ᠰᠡᠷᠭᠡᠶᠢᠯᠡᠬᠦ ᠠᠵᠢᠯ ᠢ ᠦᠨᠡᠨᠬᠦ ᠴᠢᠩᠭᠠᠳᠬᠠᠵᠤ᠂ ᠭᠠᠯ ᠢ ᠰᠡᠷᠭᠡᠶᠢᠯᠡᠨ ᠥᠪᠡᠷ ᠢ ᠪᠠᠨ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠯᠠᠳᠠ᠂ ᠴᠢᠩ ᠱᠦᠢ ᠾᠧ ᠰᠢᠶᠠᠨ ᠤ ᠯᠤᠤ ᠨᠢᠦ ᠸᠠᠨ ᠪᠠᠯᠭᠠᠰᠤ ᠶᠢᠨ ᠵᠡᠪᠰᠡᠭᠲᠦ ᠬᠡᠯᠲᠡᠰ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠶᠢ ᠵᠣᠬᠢᠶᠠᠨ ᠪᠠᠶᠢᠭᠤᠯᠤᠨ ᠯᠤᠤ ᠨᠢᠦ ᠸᠠᠨ ᠪᠠᠯᠭᠠᠰᠤ ᠶᠢᠨ ᠳ᠋ᠠᠨ ᠲᠠᠢ ᠽᠢ ᠲᠣᠰᠬᠤᠨ ᠳᠤ ᠭᠠᠯ ᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ᠃      ᠲᠤᠰ ᠤᠳᠠᠭᠠᠨ ᠤ ᠭᠠᠯ ᠢ ᠰᠡᠷᠭᠡᠶᠢᠯᠡᠬᠦ ᠰᠣᠷᠢᠯᠲᠠ ᠳᠤ᠂ ᠭᠤᠣᠯᠳᠠᠭᠤ ᠭᠠᠯ ᠤᠨᠲᠠᠷᠠᠭᠠᠬᠤ ᠪᠠ ᠥᠪᠡᠷ ᠢ ᠪᠠᠨ ᠠᠪᠤᠷᠠᠬᠤ ᠠᠷᠭ᠎ᠠ ᠵᠡᠷᠭᠡ ᠲᠠᠯ᠎ᠠ ᠠᠴᠠ ᠭᠠᠷᠳᠠᠵᠤ᠂ ᠴᠢᠭᠯᠡᠭᠦᠯᠦᠯᠲᠦ ᠴᠢᠨᠠᠷ ᠲᠠᠢ᠂   ᠭᠤᠤᠯᠳᠠᠯᠭ᠎ᠠ ᠶᠢ ᠪᠠᠷᠢᠵᠤ ᠡᠷᠦᠬᠡ ᠶᠢᠨ ᠴᠡᠷᠢᠭ ᠲᠤ ᠬᠡᠭᠡᠷ᠎ᠡ ᠭᠠᠳᠠᠨ᠎ᠠ ᠶᠢᠨ ᠭᠠᠯ ᠤᠨᠲᠠᠷᠠᠭᠠᠬᠤ ᠮᠡᠳᠡᠯᠭᠡ ᠶᠢ ᠨᠠᠷᠢᠨ ᠲᠠᠶᠢᠯᠪᠤᠷᠢᠯᠠᠬᠤ ᠶᠢᠨ ᠬᠠᠮᠲᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠶᠠᠭᠠᠬᠢᠵᠤ ᠬᠡᠷᠡᠭᠯᠡᠬᠦ᠂ ᠶᠠᠭᠠᠬᠢᠵᠤ ᠰᠡᠯᠪᠢᠵᠦ ᠵᠠᠰᠠᠬᠤ ᠠᠷᠠᠴᠢᠯᠠᠵᠤ ᠬᠠᠮᠠᠭᠠᠯᠠᠬᠤ ᠵᠢᠴᠢ ᠪᠣᠳᠠᠲᠠᠢ ᠪᠠᠶᠢᠯᠳᠤᠭᠠᠨ ᠤ ᠤᠷ᠎ᠠ ᠮᠡᠷᠭᠡᠵᠢᠯ ᠤᠨ ᠲᠠᠭᠤᠷᠢᠶᠠᠮᠠᠯ ᠰᠣᠷᠢᠯᠲᠠ ᠬᠢᠪᠡ᠃ ᠰᠤᠷᠪᠤᠯᠵᠢᠯᠠᠭᠴᠢ ᠯᠢᠶᠠᠩ ᠵᠢᠩ ᠱᠤ᠋ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号