ᠪᠦᠬᠦ ᠬᠤᠲᠠ ᠶᠢᠨ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/22
      ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 21 ᠤ ᠡᠳᠦᠷ᠂ ᠪᠦᠬᠦ ᠬᠤᠲᠠ ᠶᠢᠨ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠬᠤᠲᠠ ᠶᠢᠨ ᠨᠢᠳᠤᠨᠤᠨ ᠤ ᠴᠡᠷᠢᠭ ᠡᠯᠰᠡᠬᠦ ᠠᠵᠢᠯ ᠤᠨ ᠪᠠᠶᠢᠳᠠᠯ ᠳᠤ ᠳ᠋ᠦᠩᠨᠡᠯᠲᠡ ᠬᠢᠵᠦ᠂ ᠡᠨᠡ ᠵᠢᠯ ᠤᠨ ᠴᠡᠷᠢᠭ ᠡᠯᠰᠡᠬᠦ ᠡᠭᠦᠷᠭᠡ ᠳᠤ ᠪᠠᠶᠢᠷᠢᠯᠠᠭᠤᠯᠤᠯᠲᠠ ᠬᠢᠪᠡ      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠤᠯᠤᠰ ᠲᠥᠷᠥ ᠶᠢᠨ ᠭᠡᠰᠢᠭᠦᠨ ᠰᠦᠨ ᠪᠢᠩ ᠸᠧᠨ᠂ ᠬᠤᠲᠠ ᠶᠢᠨ ᠳᠡᠳ᠋ ᠳᠠᠷᠤᠭ᠎ᠠ ᠰᠢᠦᠢ ᠷᠦᠢ ᠰᠢᠶᠠ ᠬᠤᠷᠠᠯ ᠳᠤ ᠣᠷᠣᠯᠴᠠᠪᠠ᠃     ᠬᠤᠷᠠᠯ ᠠᠴᠠ ᠵᠢᠭᠠᠭᠰᠠᠨ ᠨᠢ᠂ 2020 ᠣᠨ ᠳᠤ᠂ ᠪᠦᠬᠦ ᠬᠤᠲᠠ ᠶᠢᠨ ᠴᠡᠷᠢᠭ ᠭᠠᠵᠠᠷ ᠣᠷᠣᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ  ᠠᠪᠴᠢᠷᠠᠭᠰᠠᠨ ᠠᠰᠢᠭ ᠦᠭᠡᠢ ᠨᠥᠯᠥᠭᠡ ᠶᠢ ᠢᠯᠠᠨ ᠳᠠᠪᠠᠵᠤ᠂ 54 ᠴᠡᠷᠢᠭ ᠤᠨ ᠳᠠᠷᠤᠭ᠎ᠠ᠂ 79 ᠡᠮᠡᠭᠲᠡᠢ ᠴᠡᠷᠢᠭ ᠪᠠ 890 ᠡᠷᠡᠭᠲᠡᠢ ᠴᠡᠷᠢᠭ ᠢ ᠰᠢᠭᠤᠳ ᠡᠯᠰᠡᠬᠦ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ ᠣᠶᠤᠲᠠᠨ ᠪᠠ ᠲᠡᠭᠦᠰᠦᠭᠰᠡᠨ ᠣᠶᠤᠲᠠᠨ ᠢ ᠡᠯᠰᠡᠭᠰᠡᠨ ᠬᠠᠷᠢᠴᠠᠯ ᠲᠤᠰᠪᠦᠷᠢ 93.5% ᠪᠠ 33.8% ᠬᠦᠷᠴᠦ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠨᠣᠷᠮ᠎ᠠ︾ ᠶᠢᠨ ᠦᠨᠡᠯᠡᠨ ᠰᠢᠯᠭᠠᠯᠲᠠ ᠳᠤ ᠬᠤᠶᠠᠳᠤᠭᠠᠷ ᠲᠤ ᠣᠷᠣᠪᠠ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠴᠡᠷᠢᠭ ᠡᠯᠰᠡᠬᠦ ᠠᠵᠢᠯ ᠳᠤᠮᠳᠠ᠂ ᠡᠯ᠎ᠡ ᠪᠠᠶᠢᠭᠤᠯᠭ᠎ᠠ ᠡᠯ᠎ᠡ ᠰᠠᠯᠠᠭ᠎ᠠ ᠮᠥᠴᠢᠷ ᠴᠡᠷᠢᠭ ᠡᠯᠰᠡᠬᠦ ᠴᠠᠭ ᠤᠨ ᠲᠣᠬᠢᠷᠠᠭᠤᠯᠤᠯᠲᠠ ᠶᠢ ᠴᠢᠬᠤᠯᠠᠴᠢᠯᠠᠨ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠰᠢᠵᠦ᠂ ᠰᠦᠯᠵᠢᠶᠡᠨ ᠤ ᠶᠠᠷᠢᠶ᠎ᠠ ᠬᠡᠯᠡᠯᠴᠡᠭᠡ ᠶᠢ ᠠᠩᠬᠠᠷᠬᠤ ᠬᠡᠷᠡᠭᠲᠡᠢ᠃ ᠴᠡᠷᠢᠭ ᠲᠤ ᠨᠡᠷ᠎ᠡ ᠮᠡᠳᠡᠭᠦᠯᠬᠦ ᠨᠣᠷᠮ᠎ᠠ ᠶᠢ ᠦᠨᠡᠨᠬᠦ ᠳᠡᠭᠡᠭᠰᠢᠯᠡᠭᠦᠯᠵᠦ᠂ ᠡᠷᠦᠬᠡ ᠠᠮᠠ ᠶᠢᠨ ᠪᠠᠶᠢᠭ᠎ᠠ ᠭᠠᠵᠠᠷ ᠬᠢᠭᠡᠳ ᠶᠡᠭᠡ ᠳᠡᠭᠡᠳᠦ ᠰᠤᠷᠭᠠᠭᠤᠯᠢ ᠶᠢᠨ ᠨᠠᠰᠤᠨ ᠳᠤ ᠨᠡᠶᠢᠴᠡᠬᠦ ᠵᠠᠯᠠᠭᠤᠴᠤᠳ ᠢ ︽ᠬᠤᠶᠠᠭᠤᠯᠠ ᠶᠢ ᠠᠳᠬᠤᠵᠤ︾᠂ ᠤᠬᠠᠭᠤᠯᠭ᠎ᠠ ᠳᠠᠶᠢᠴᠢᠯᠠᠯᠲᠠ ᠶᠢ ︽ᠪᠦᠬᠦᠨ ᠳᠤ ᠬᠠᠮᠤᠷᠤᠭᠤᠯᠬᠤ︾ ᠬᠡᠷᠡᠭᠲᠡᠢ᠃ ᠠᠩᠬᠠᠨ ᠤ ᠬᠢᠨᠠᠯᠲᠠ ᠪᠠ ᠠᠩᠬᠠᠨ ᠤ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠵᠣᠬᠢᠶᠠᠨ ᠪᠠᠶᠢᠭᠤᠯᠵᠤ᠂ ᠡᠮᠬᠢ ᠵᠢᠷᠤᠮ ᠲᠠᠢ ᠲᠡᠰ ᠳᠠᠷᠠᠭ᠎ᠠ ᠲᠠᠢ᠂ ᠪᠦᠬᠦ ᠶᠠᠪᠤᠴᠠ ᠳᠤ ᠤᠯᠠ ᠮᠥᠷ ᠦᠯᠡᠳᠡᠭᠡᠵᠦ᠂ ᠪᠡᠶ᠎ᠡ ᠮᠠᠬᠠᠪᠤᠳ ᠪᠠ ᠰᠤᠷᠤᠯᠭ᠎ᠠ ᠶᠢᠨ ᠨᠠᠮᠲᠠᠷ ᠢᠯᠡᠬᠡᠨ ᠬᠢᠷᠢ ᠬᠦᠷᠬᠦ ᠦᠭᠡᠢ ᠬᠥᠮᠥᠰ ᠢ ᠡᠷᠡᠰ ᠰᠢᠭᠰᠢᠵᠦ᠂ ᠨᠥᠬᠦᠴᠡᠯ ᠳᠤ ᠨᠡᠶᠢᠴᠡᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃       ᠬᠤᠷᠠᠯ ᠠᠴᠠ ᠱᠠᠭᠠᠷᠳᠠᠭᠰᠠᠨ ᠨᠢ᠂ ᠮᠡᠨ ᠤ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠴᠡᠷᠢᠭ ᠡᠯᠰᠡᠬᠦ ᠡᠭᠦᠳᠡ ᠶᠢ ᠴᠢᠩᠭ᠎ᠠ ᠰᠠᠬᠢᠵᠤ᠂ ᠳᠦᠷᠢᠮ ᠲᠣᠭᠲᠠᠭᠠᠯ ᠢ ᠴᠢᠩᠭ᠎ᠠ ᠴᠢᠬᠡᠴᠢᠯᠡᠨ᠂ ᠰᠠᠬᠢᠯᠭ᠎ᠠ ᠪᠠᠲᠤ ᠶᠢ ᠡᠷᠬᠢᠮᠯᠡᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠦᠨᠳᠦᠰᠦᠨ ᠱᠠᠲᠤᠨ ᠤ ᠴᠡᠷᠢᠭ ᠡᠯᠰᠡᠬᠦ ︽ᠪᠢᠴᠢᠯ ᠢᠯᠵᠠᠷᠠᠯ︾ ᠢ ᠲᠠᠰᠤᠷᠠᠯᠲᠠ ᠦᠭᠡᠢ ᠵᠠᠰᠠᠨ ᠴᠡᠭᠴᠡᠯᠡᠬᠦ ᠶᠢ ᠴᠢᠬᠤᠯᠠ ᠠᠴᠠ ᠴᠢᠬᠤᠯᠠ ᠪᠣᠯᠭᠠᠨ᠂ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠴᠡᠷᠢᠭ ᠭᠠᠵᠠᠷ ᠣᠷᠣᠨ ᠠᠴᠠ ᠬᠠᠮᠲᠤ ᠪᠠᠷ ᠬᠠᠮᠢᠶᠠᠷᠬᠤ ᠶᠢ ᠬᠡᠷᠡᠭᠵᠢᠭᠦᠯᠵᠦ᠂ ᠲᠥᠪ ᠴᠢᠬᠡᠴᠢ ᠴᠡᠷᠢᠭ ᠡᠯᠰᠡᠬᠦ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠨᠢ ᠸᠢᠳᠢᠤ᠋ ᠮᠠᠶ᠋ᠢᠭ ᠢᠶᠠᠷ 2021 ᠣᠨ ᠤ ᠪᠦᠬᠦ ᠤᠯᠤᠰ ᠤᠨ ᠴᠡᠷᠢᠭ ᠡᠯᠰᠡᠬᠦ ᠠᠵᠢᠯ ᠤᠨ ᠲᠧᠯᠸᠢᠰ ᠤᠲᠠᠰᠤᠲᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠴᠡᠷᠢᠭ ᠡᠯᠰᠡᠬᠦ ᠠᠵᠢᠯ ᠤᠨ ᠲᠧᠯᠸᠢᠰ ᠤᠲᠠᠰᠤᠲᠤ ᠬᠤᠷᠠᠯ ᠳᠤ ᠣᠷᠣᠯᠴᠠᠵᠤ᠂ ᠡᠭᠦᠨ ᠤ ᠬᠠᠮᠲᠤ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠤᠨ᠂ ᠪᠦᠬᠦ ᠬᠤᠲᠠ ᠶᠢᠨ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠡ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号