ᠰᠤᠷᠪᠤᠯᠵᠢᠯᠠᠭᠴᠢ ᠵᠧᠩ ᠰᠢᠤᠸᠠᠢ ᠯᠢᠶᠠᠩ ᠰᠢᠤᠢ ᠶᠤᠸᠠᠢ | ᠪᠡᠭᠡᠵᠢᠩ ᠤᠨ ᠰᠢ ᠳ᠋ᠠᠨ ᠤ ᠰᠢᠶᠤᠤ ᠱᠢ ᠬᠤ᠋ ᠭᠤᠳᠤᠮᠵᠢᠨ ᠳᠤ᠂ ᠬᠤᠳᠠᠯᠳᠤᠭᠠᠨ ᠤ ᠪᠠᠷᠢᠯᠭ᠎ᠠ ᠶᠢᠨ ᠠᠷᠤ ᠳᠤ | ᠨᠢᠭᠤᠭᠳᠠᠵᠥ ᠪᠠᠶᠢᠭ᠎ᠠ ᠡᠷᠲᠡᠨ ᠤ ᠪᠠᠷᠢᠯᠭ᠎ᠠ ᠨᠤᠭᠤᠳ ᠪᠤᠢ᠂ ᠡᠳᠡᠬᠡᠷ ᠬᠠᠭᠤᠴᠢᠪᠳᠤᠷ ᠪᠤᠯᠤᠬᠰᠠᠨ ᠪᠠᠷᠢᠯᠭ᠎ᠠ ᠬᠠᠷᠢᠨ | ᠴᠦ ᠦᠯᠢᠬᠡᠷ ᠳᠡᠥᠬᠡ ᠲᠠᠢ ᠪᠠᠶᠢᠵᠠᠢ᠂ ᠳᠡᠷᠡ ᠨᠢ ᠳᠠᠷᠤᠢ ᠪᠦᠬᠦ ᠤᠯᠤᠰ ᠤᠨ ᠴᠢᠬᠤᠯᠠ ᠳᠡᠥᠬᠡᠨ ᠳᠤᠷᠠᠰᠬᠠᠯᠳᠤ | ᠵᠦᠢᠯᠡᠰ ᠤᠨ ᠬᠠᠮᠠᠭᠠᠯᠠᠯᠲᠠ ᠶᠢᠨ ᠨᠢᠬᠡᠴᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠳᠤ | ᠳᠤᠮᠳᠠᠳᠤ ᠰᠤᠷᠭᠠᠭᠤᠯᠢ ᠶᠢᠨ ᠬᠠᠭᠤᠴᠢᠨ ᠪᠠᠭᠤᠷᠢ — ᠮᠤᠩᠭᠤᠯ ᠲᠥᠪᠡᠳ ᠰᠤᠷᠭᠠᠭᠤᠯᠢ ᠪᠣᠯᠣᠨ᠎ᠠ᠃ | ᠮᠣᠩᠭᠤᠯ ᠲᠥᠪᠡᠳ ᠰᠤᠷᠭᠠᠭᠤᠯᠢ ᠪᠤᠯ 1913 ᠣᠨ ᠳᠤ ᠡᠬᠢᠯᠡᠵᠥ ᠪᠠᠶᠢᠭᠤᠯᠤᠭᠰᠠᠠ᠂ ᠲᠠᠷᠤᠢ | ᠪᠡᠭᠡᠵᠢᠩ ᠳᠤ ᠡᠬᠦᠰᠬᠡᠨ ᠪᠠᠶᠢᠭᠤᠯᠤᠬᠰᠠᠨ ᠪᠦᠬᠦ ᠤᠯᠤᠰ ᠤᠨ ᠠᠩᠬᠠᠳᠠᠬᠴᠢ ᠦᠨᠳᠦᠰᠦᠲᠡᠨ ᠤ ᠰᠤᠷᠭᠠᠭᠤᠯᠢ ᠪᠠᠶᠢᠵᠥ | ᠂ ᠥᠪᠥᠷ ᠮᠣᠩᠭᠤᠯ ᠤᠨ ᠬᠤᠪᠢᠰᠬᠠᠯ ᠤᠨ ᠤᠴᠢ ᠠᠳᠡ ᠠᠴᠠ ᠤᠯᠠᠯᠵᠠᠨ ᠨᠤᠴᠤᠪᠠ᠃ ︽ᠵᠤᠯ ᠵᠢᠷᠭᠠᠯᠳᠠᠢ ᠣᠨ | ᠵᠢᠯ᠄ ᠳᠦᠪ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠶᠢᠨ | ᠰᠤᠷᠭᠠᠭᠤᠯᠢ ᠶᠢᠨ ᠳᠡᠥᠬᠡ︾ ᠬᠡᠬᠦ ᠨᠤᠮ ᠳᠤ ᠳᠡᠮᠳᠡᠭᠯᠡᠵᠥ ᠪᠠᠶᠢᠬᠤ ᠪᠠᠷ᠄ 1984 ᠣᠨ ᠤ 3 ᠰᠠᠷ᠎ᠠ ᠶᠢᠨ 6 ᠤ | ᠡᠳᠦᠷ᠂ ᠤᠯᠠᠭᠠᠨᠬᠦᠦ ᠨᠥᠬᠦᠷ ᠳᠦᠷᠪᠡᠳᠡᠬᠢ ᠤᠳᠠᠭ᠎ᠠ ᠡᠬᠡ ᠰᠤᠷᠭᠠᠭᠤᠯᠢ ᠳᠠᠭᠠᠨ ᠬᠠᠷᠢᠵᠤ᠂ ᠳᠥᠷᠪᠡᠨ ᠵᠠᠭᠤᠨ | ᠵᠢᠯ ᠤᠨ ᠬᠤᠪᠢᠷᠠᠯᠳᠠ ᠦᠩᠬᠡᠷᠡᠯᠳᠡ ᠶᠢ ᠳᠤᠭᠤᠯᠤᠬᠰᠠᠨ ᠴᠢᠪᠠᠭ᠎ᠠ ᠶᠢᠨ ᠮᠣᠳᠣᠨ ᠤ ᠡᠮᠦᠨ᠎ᠡ ᠲᠤᠬᠠᠢ ᠶᠢᠨ ᠵᠢᠯ | ᠨᠠᠮ ᠳᠤ ᠣᠷᠣᠭᠰᠠᠨ ᠪᠠᠶᠢᠳᠠᠯ ᠢᠶᠠᠨ ᠡᠷᠭᠢᠴᠡᠭᠦᠯᠵᠦ᠂ | ᠡᠪ ᠬᠠᠮᠳᠤ ᠶᠤᠰᠤ ᠴᠦᠬᠡᠨ ᠳᠤᠭᠠᠳᠤ ᠦᠨᠳᠦᠰᠦᠳᠡᠨ ᠤ ᠳᠤᠮᠳᠠ ᠳᠠᠮᠵᠢᠨ ᠲᠠᠷᠬᠠᠭᠠᠭᠳᠠᠭᠰᠠᠨ ᠨᠢ ᠳᠠᠷᠤᠢ ᠡᠨᠡ | ᠰᠤᠷᠭᠠᠭᠤᠯᠢ ᠠᠴᠠ ᠡᠬᠢᠯᠡᠭᠰᠡᠨ ᠶᠤᠮ ᠭᠡᠵᠦ ᠬᠦᠨ ᠰᠡᠳᠬᠢᠯᠬᠡ ᠲᠠᠢ ᠪᠠᠷ ᠬᠡᠯᠡᠪᠡ᠃ | ᠤᠨᠤᠭᠠᠵᠥ ᠬᠡᠯᠡᠭᠰᠡᠨ ᠡᠨᠡ ᠦᠬᠡ ᠨᠢ ᠮᠣᠩᠭᠤᠯ ᠲᠥᠪᠡᠳ ᠰᠤᠷᠭᠠᠭᠤᠯᠢ ᠶᠢᠨ ᠳᠠᠪᠰᠢᠩᠭᠤᠢ ᠵᠠᠯᠠᠭᠤᠴᠤᠳ ᠢ | ᠬᠥᠮᠦᠵᠢᠭᠦᠯᠦᠨ᠂ ᠬᠤᠪᠢᠰᠬᠠᠯ ᠤᠨ ᠤᠴᠢ ᠶᠢ ᠪᠠᠳᠠᠷᠠᠭᠠᠬᠰᠠᠨ ᠴᠢᠬᠤᠯᠠ ᠪᠠᠶᠢᠷᠢ ᠰᠠᠭᠤᠷᠢ ᠶᠢ ᠭᠦᠢᠴᠡᠳ | ᠬᠠᠷᠠᠭᠤᠯᠪᠡ᠃ | ᠲᠦᠮᠡᠳ ᠵᠡᠭᠦᠨ ᠬᠤᠰᠢᠭᠤᠨ ᠤ ᠳᠠᠩᠰᠠ ᠡᠪᠬᠡᠮᠡᠯ ᠤᠨ ᠣᠷᠳᠣᠨ ᠳᠤ ᠪᠢᠳᠠ ᠡᠨᠡ ᠬᠦ ᠲᠡᠦᠬᠡ ᠶᠢ ᠡᠷᠢᠵᠦ | ᠤᠩᠰᠢᠪᠠ᠃ ᠤᠷᠳᠤᠨ ᠤ ᠳᠠᠷᠤᠭ᠎ᠠ ᠯᠢᠦ ᠶᠠᠨ ᠪᠣᠯᠤᠨ ᠣᠷᠣᠨ ᠨᠤᠲᠤᠭ ᠤᠨ ᠣᠶᠢᠯᠠᠯᠭ᠎ᠠ ᠶᠢᠨ ᠲᠠᠰᠤᠭ ᠤᠨ | ᠳᠠᠷᠤᠭ᠎ᠠ ᠵᠠᠩ ᠬᠦᠢ ᠶᠢᠩ ᠳᠤᠰ ᠳᠤᠰ ᠪᠢᠳᠡᠨ ᠳᠤ ᠥᠪᠥᠷ ᠮᠣᠩᠭᠤᠯ ᠤᠨ ᠲᠠᠪᠰᠢᠭᠰᠠᠨ ᠵᠠᠯᠠᠭᠤᠴᠤᠳ ᠬᠡᠷᠬᠢᠨ | ᠮᠣᠩᠭᠤᠯ ᠲᠥᠪᠡᠳ ᠰᠤᠷᠭᠠᠭᠤᠯᠢ ᠳᠤ ᠤᠷᠤᠵᠥ ᠰᠤᠷᠤᠯᠴᠠᠭᠰᠠᠨ ᠶᠠᠪᠤᠴᠠ ᠶᠢ ᠲᠠᠨᠢᠯᠴᠠᠭᠤᠯᠤᠯ᠎ᠠ᠃ | 1914 ᠣᠨ ᠤ 3 ᠰᠠᠷ᠎ᠠ ᠳᠤ᠂ ᠮᠣᠩᠭᠤᠯ ᠲᠥᠪᠡᠳ ᠰᠤᠷᠭᠠᠭᠤᠯᠢ ᠪᠡᠯᠡᠳᠭᠡᠯ ᠠᠩᠭᠢ ᠶᠢᠨ ᠨᠢᠭᠡᠳᠦᠭᠡᠷ | ᠠᠩᠭᠢ ᠨᠡᠬᠡᠬᠡᠵᠥ᠂ ᠡᠯ᠎ᠡ ᠠᠶᠢᠮᠠᠭ ᠬᠤᠰᠢᠭᠤ | ᠰᠣᠩᠭᠤᠨ ᠬᠦᠷᠭᠡᠬᠦ᠂ ᠰᠤᠷᠭᠠᠭᠤᠯᠢ ᠡᠯᠰᠡᠨ ᠠᠪᠬᠤ ᠬᠡᠯᠪᠡᠷᠢ ᠪᠠᠷ ᠰᠤᠷᠤᠬᠴᠢ ᠡᠯᠰᠡᠪᠡ᠂ ᠡᠨᠡ ᠪᠣᠯ ᠮᠣᠩᠭᠤᠯ | ᠲᠥᠪᠡᠳ ᠰᠤᠷᠭᠠᠭᠤᠯᠢ ᠠᠩᠬ᠎ᠠ ᠤᠳᠠᠭ᠎ᠠ ᠥᠪᠥᠷ ᠮᠣᠩᠭᠤᠯ ᠣᠷᠣᠨ ᠠᠴᠠ ᠰᠤᠷᠤᠭᠴᠢ ᠡᠯᠰᠡᠭᠰᠡᠡ ᠶᠠᠪᠤᠳᠠᠯ | ᠪᠣᠯᠣᠨ᠎ᠠ᠂ ᠡᠭᠦᠨ ᠠᠴᠠ ᠬᠤᠶᠢᠰᠢ ᠥᠪᠥᠷ ᠮᠣᠩᠭᠤᠯ ᠤᠨ ᠰᠤᠷᠤᠭᠴᠢ ᠬᠤᠶᠢᠨ᠎ᠠ ᠬᠤᠶᠢᠨ᠎ᠠ ᠠᠴᠠ ᠪᠠᠨ ᠲᠤᠰ | ᠰᠤᠷᠭᠠᠭᠤᠯᠢ ᠳᠤ ᠤᠷᠤᠵᠥ ᠰᠤᠷᠤᠯᠴᠠᠵᠥ᠂ ᠷᠦᠩ ᠶᠤᠤ ᠰᠢᠶᠠᠨ ᠪᠤᠯ ᠳᠠᠷᠤᠢ ᠲᠡᠳᠡᠨᠡᠷ ᠤᠨ ᠳᠣᠲᠣᠷᠠᠬᠢ ᠨᠢᠭᠡ ᠨᠢ | ᠪᠠᠶᠢᠯ᠎ᠠ᠃ | 1923 ᠣᠨ ᠳᠤ᠂ ᠷᠦᠩ ᠶᠣᠣ ᠰᠢᠶᠠᠨ ᠮᠣᠩᠭᠤᠯ ᠲᠥᠪᠡᠳ ᠰᠤᠷᠭᠠᠭᠤᠯᠢ ᠶᠢᠨ ᠲᠤᠰᠬᠠᠢ ᠮᠡᠷᠭᠡᠵᠢᠯ ᠤᠨ | ᠰᠠᠯᠠᠭᠠᠨ ᠤ ᠭᠦᠨ ᠤᠬᠠᠭᠠᠨ ᠤ ᠰᠠᠯᠪᠤᠷᠢ ᠶᠢᠨ ᠰᠤᠷᠤᠭᠴᠢ ᠪᠠᠶᠢᠵᠥ᠂ ᠮᠥᠨ ᠴᠦ ᠰᠤᠷᠭᠠᠭᠤᠯᠢ ᠶᠢᠨ ᠰᠤᠷᠤᠭᠴᠢᠳ | ᠤᠨ ᠵᠦᠪᠯᠡᠯ ᠤᠨ ᠲᠡᠷᠢᠭᠦᠯᠡᠭᠴᠢ ᠪᠠᠶᠢᠵᠥ᠂ ᠤᠮᠠᠷᠠᠳᠤ ᠤᠷᠤᠨ ᠤ ᠬᠤᠷᠢᠶ᠎ᠠ ᠶᠢᠨ ᠨᠠᠶᠢᠳᠠᠯᠭ᠎ᠠ ᠪᠠᠷ ᠨᠤᠳᠤᠬ ᠲᠠᠭᠠᠨ | ᠬᠠᠷᠢᠵᠦ ᠮᠤᠩᠭᠤᠯ ᠵᠠᠯᠠᠭᠤᠴᠤᠳ ᠤᠨ ᠪᠡᠬᠡᠵᠢᠩ ᠳᠤ ᠢᠷᠡᠵᠥ ᠰᠤᠷᠤᠯᠴᠠᠬᠤ ᠶᠢ ᠳᠠᠶᠢᠴᠢᠯᠠᠪᠠ᠃ ᠡᠨᠡ ᠬᠦ | ᠶᠠᠪᠤᠴᠠ ᠳᠠᠭᠠᠨ ᠲᠡᠷᠡ ᠦᠯᠡᠮᠵᠢ ᠣᠯᠠᠨ ᠪᠡᠷᠬᠡ | ᠬᠠᠲᠠᠭᠤᠵᠢᠯᠲᠠᠢ ᠠᠵᠢᠯ ᠬᠢᠵᠦ᠂ ᠰᠤᠷᠤᠭᠴᠢᠳ ᠤᠨ ᠭᠡᠷ ᠲᠤ ᠬᠦᠷᠴᠦ ᠢᠳᠬᠠᠨ ᠬᠡᠯᠡᠵᠥ᠂ ᠨᠠᠮ ᠠᠴᠠ ᠲᠡᠭᠦᠨ ᠳᠤ | ᠳᠠᠭᠠᠭᠠᠯᠭᠠᠭᠰᠠᠨ ᠡᠭᠦᠷᠭᠡ ᠶᠢ ᠡᠴᠦᠰ ᠲᠡᠭᠡᠨ | ᠪᠡᠶᠡᠯᠡᠭᠦᠯᠵᠦ ᠴᠢᠳᠠᠵᠠᠢ᠃ | ᠶᠦᠨ ᠽᠧ᠂ ᠺᠦᠢ ᠪᠢ᠂ ᠵᠠᠶᠠᠭᠠᠲᠠᠢ᠂ ᠳ᠋ᠦᠸᠧ ᠰᠥᠩ ᠨᠢᠶᠠᠨ᠂ ᠯᠢ ᠢᠦᠢ ᡁᠢ ᠵᠡᠷᠭᠡ ᠮᠣᠩᠭᠤᠯ | ᠦᠨᠳᠦᠰᠦᠲᠡᠨ ᠤ 41 ᠨᠡᠷᠡᠰ ᠵᠤᠷᠢᠭ ᠬᠥᠰᠡᠯ ᠲᠠᠢ ᠵᠠᠯᠠᠭᠤᠴᠤᠳ ᠢ ᠳᠠᠶᠢᠴᠢᠯᠠᠵᠤ᠂ ᠬᠤᠶᠠᠷ ᠪᠦᠯᠦᠭ ᠬᠤᠪᠢᠶᠠᠨ | ᠲᠦᠮᠡᠳ ᠤᠨ ᠲᠠᠯ᠎ᠠ ᠠᠴᠠ ᠰᠠᠯᠵᠤ ᠪᠡᠭᠡᠵᠢᠩ ᠢ ᠵᠤᠷᠢᠪᠠ᠃ ᠡᠳᠡᠬᠡᠷ ᠬᠦᠰᠡᠯ ᠬᠦᠬᠡᠬᠡᠴᠡᠯᠳᠤᠯ ᠲᠠᠢ ᠮᠣᠩᠭᠤᠯ | ᠦᠨᠳᠦᠰᠦᠲᠡᠨ ᠤ ᠵᠠᠯᠠᠭᠤᠴᠤᠳ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ ᠪᠠᠷ ᠮᠣᠩᠭᠤᠯ ᠲᠥᠪᠡᠳ | ᠰᠤᠷᠭᠠᠭᠤᠯᠢ ᠳᠤ ᠣᠷᠣᠵᠤ᠂ ᠤᠯᠤᠰ ᠢᠶᠠᠨ ᠠᠪᠤᠷᠠᠵᠤ ᠠᠷᠠᠳ ᠢᠶᠠᠨ ᠠᠪᠤᠷᠠᠬᠤ ᠦᠨᠡᠨ ᠶᠣᠰᠣ ᠶᠢ ᠡᠷᠢᠯᠬᠢᠯᠡᠨ᠂ | ᠬᠤᠶᠢᠰᠢᠳᠠ ᠳᠠᠭᠠᠨ ᠥᠪᠥᠷ ᠮᠣᠩᠭᠤᠯ ᠣᠷᠣᠨ ᠤ ᠬᠤᠪᠢᠰᠬᠠᠯ ᠤᠨ ᠠᠵᠢᠯᠯᠠᠭ᠎ᠠ ᠥᠷᠨᠢᠭᠦᠯᠬᠦ ᠳᠤ ᠪᠠᠲᠤ ᠰᠠᠭᠤᠷᠢ ᠶᠢ | ᠲᠠᠯᠪᠢᠵᠤ ᠥᠭᠴᠡᠢ᠃ | ᠡᠳᠡᠭᠡᠷ ᠵᠠᠯᠠᠭᠤᠴᠤᠳ ᠰᠤᠷᠭᠠᠭᠤᠯᠢ ᠳᠤ ᠢᠷᠡᠭᠰᠡᠡ ᠤ ᠳᠠᠷᠠᠭ᠎ᠠ᠂ ᠲᠤᠰ ᠲᠤᠰ ᠳᠤᠮᠳᠠᠳᠤ ᠰᠤᠷᠭᠠᠭᠤᠯᠢ ᠶᠢᠨ | ᠳᠥᠷᠪᠡᠳᠦᠭᠡᠷ ᠠᠩᠭᠢ ᠪᠠ ᠲᠠᠪᠤᠳᠤᠭᠠᠷ ᠠᠩᠭᠢ ᠳᠤ ᠰᠤᠷᠤᠯᠴᠠᠵᠠᠢ᠃ ᠲᠤᠬᠠᠢ ᠶᠢᠨ ᠦᠶ᠎ᠡ ᠳᠤ ᠲᠡᠳᠡ ᠮᠣᠩᠭᠤᠯ | ᠲᠥᠪᠡᠳ ᠰᠤᠷᠭᠠᠭᠤᠯᠢ ᠶᠢᠨ ᠬᠢᠴᠢᠶᠡᠯ ᠤᠨ ᠭᠡᠷ ᠤᠨ ᠡᠮᠦᠨ᠎ᠡ ᠬᠤᠪᠣᠷ ᠨᠠᠨᠳᠢᠨ ᠬᠠᠮᠲᠤ ᠶᠢᠨ ᠰᠡᠭᠦᠳᠡᠷ | ᠳᠠᠳᠠᠭᠤᠯᠤᠬᠰᠠᠨ ᠨᠢ ᠨᠢᠭᠡ ᠬᠤᠪᠢ ᠣᠯᠳᠠᠬᠤᠶ᠎ᠠ ᠪᠡᠷᠬᠡ ᠲᠡᠦᠬᠡ ᠶᠢᠨ ᠮᠠᠲ᠋ᠧᠷᠢᠶᠠᠯ ᠪᠣᠯᠵᠤ ᠦᠯᠡᠳᠡᠵᠡᠢ᠃ ᠲᠡᠳᠡ | ᠵᠠᠷᠢᠮ ᠳᠠᠭᠠᠨ ᠪᠡᠭᠡᠵᠢᠩ ᠶᠡᠭᠡ ᠰᠤᠷᠭᠠᠭᠤᠯᠢ ᠳᠤ ᠬᠦᠷᠴᠦ ᠶᠠᠷᠢᠶ᠎ᠠ ᠢᠯᠡᠳᠭᠡᠯ ᠰᠣᠨᠣᠰᠴᠤ᠂ ᠵᠠᠷᠢᠮ ᠳᠠᠭᠠᠨ | ᠬᠠᠮᠲᠤ ᠪᠠᠷ ᠮᠠᠷᠭᠤᠯᠳᠤᠬᠤ ᠬᠤᠷᠠᠯ ᠳᠤ ᠤᠷᠤᠯᠴᠠᠵᠥ᠂ ᠬᠠᠨ᠎ᠠ ᠶᠢᠨ ᠰᠣᠨᠢᠨ ᠦᠵᠡᠵᠥ᠂ ᠮᠠᠷᠺᠰ ᠤᠨ ᠦᠵᠡᠯ ᠤᠨ | ᠲᠠᠨᠢᠯᠲᠠ ᠶᠢᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ | ᠮᠣᠩᠭᠤᠯ ᠲᠥᠪᠡᠳ ᠰᠤᠷᠭᠠᠭᠤᠯᠢ ᠶᠢᠨ ᠵᠠᠯᠠᠭᠤ ᠰᠤᠷᠤᠭᠴᠢᠳ ᠰᠤᠷᠤᠯᠴᠠᠯᠭ᠎ᠠ ᠳᠠᠭᠠᠨ ᠢᠳᠡᠪᠬᠢ᠂ | ᠤᠯᠤᠰ ᠤᠨ ᠶᠡᠭᠡ ᠶᠠᠪᠤᠳᠠᠯ ᠳᠤ ᠰᠡᠳᠭᠢᠯ ᠲᠠᠯᠪᠢᠵᠤ᠂ ᠦᠨᠳᠦᠰᠦᠲᠡᠨ ᠤ ᠠᠰᠠᠭᠤᠳᠠᠯ ᠢ ᠬᠠᠯᠠᠮᠵᠢᠯᠠᠳᠠᠭ ᠪᠤᠯᠬᠤᠷ᠂ | 1923 ᠣᠨ ᠤ ᠳᠠᠷᠠᠭ᠎ᠠ᠂ ᠯᠢ ᠳ᠋ᠠ ᠵᠣᠣ᠂ ᠳ᠋ᠧᠩ ᠵᠦᠩ ᠰᠢᠶᠠ᠂ ᠵᠣᠣ ᠱᠢ ᠶᠠᠨ ᠵᠡᠷᠭᠡ ᠠᠷᠪᠠ ᠭᠠᠷᠤᠢ ᠡᠪ | ᠬᠠᠮᠲᠤ ᠨᠠᠮ ᠤᠨ ᠭᠡᠰᠢᠭᠦᠨ ᠤᠷᠢᠳ ᠬᠤᠵᠢᠳ ᠮᠣᠩᠭᠤᠯ ᠲᠥᠪᠡᠳ ᠰᠤᠷᠭᠠᠭᠤᠯᠢ ᠳᠤ ᠢᠷᠡᠵᠦ᠂ ᠨᠣᠮ ᠤᠩᠰᠢᠬᠤ | ᠬᠤᠷᠠᠯ᠂ ᠶᠠᠷᠢᠯᠴᠠᠬᠤ ᠬᠤᠷᠠᠯ ᠬᠢᠬᠦ᠂ ᠰᠡᠳᠭᠢᠯ ᠢᠶᠠᠨ ᠶᠠᠷᠢᠯᠴᠠᠬᠤ ᠬᠡᠯᠪᠡᠷᠢ ᠪᠠᠷ ᠵᠠᠯᠠᠭᠤ ᠰᠤᠷᠤᠭᠴᠢᠳ ᠢ ᠵᠣᠬᠢᠶᠠᠨ | ᠪᠠᠶᠢᠭᠤᠯᠵᠤ ᠮᠠᠷᠺᠰ ᠤᠨ ᠣᠨᠣᠯ ᠢ ᠰᠤᠷᠤᠯᠴᠠᠭᠤᠯᠪᠠ᠃ | ᠪᠠᠶᠢᠷᠢ ᠶᠢᠨ ᠭᠡᠷ᠂ ᠶᠣᠰᠣᠯᠠᠯ ᠤᠨ ᠲᠠᠩᠬᠢᠮ᠂ ᠴᠢᠪᠠᠭ᠎ᠠ ᠶᠢᠨ ᠮᠣᠳᠣᠨ ᠤ ᠳᠣᠣᠷ᠎ᠠ ᠪᠦᠷ ᠯᠢ ᠳ᠋ᠠ ᠵᠣᠣ | ᠪᠣᠯᠤᠨ ᠰᠤᠷᠤᠭᠴᠢᠳ ᠤᠨ ᠪᠠᠷ᠎ᠠ ᠬᠠᠷᠠᠭᠳᠠᠵᠤ ᠪᠠᠶᠢᠯ᠎ᠠ᠃ ᠵᠠᠯᠠᠭᠤᠴᠤᠳ ᠮᠠᠷᠺᠰ ᠯᠧᠨᠢᠨ ᠤ ᠵᠣᠬᠢᠶᠠᠯ ᠤᠨ ᠬᠢᠳᠠᠳ | ᠬᠡᠯᠡᠨ ᠤ ᠣᠷᠴᠢᠭᠤᠯᠭ᠎ᠠ ᠶᠢᠨ ᠳᠡᠪᠳᠡᠷ ᠢ ᠤᠩᠰᠢᠬᠤ ᠶᠢᠨ ᠳᠠᠭᠠᠤ ᠪᠠᠰᠠ ︽ᠰᠢᠨ᠎ᠡ ᠵᠠᠯᠠᠭᠤᠴᠤᠳ︾ ︽ᠵᠠᠮᠴᠢ︾ ︽ | ᠤᠯᠤᠰ ᠲᠥᠷᠥ ᠶᠢᠨ ᠠᠮᠢᠳᠤᠷᠠᠯ︾ ᠵᠡᠷᠭᠡ ᠰᠡᠳᠭᠦᠯ ᠢ ᠤᠩᠰᠢᠳᠠᠭ ᠪᠠᠶᠢᠪᠠ᠂ ᠯᠢ ᠳ᠋ᠠ ᠵᠣᠣ ᠲᠠᠨᠢᠯᠴᠠᠭᠤᠯᠤᠨ | ᠳᠠᠶᠢᠯᠪᠤᠷᠢᠯᠠᠬᠤ ᠶᠢᠨ ᠳᠠᠭᠠᠤ ᠬᠠᠮᠳᠤ ᠰᠤᠷᠤᠭᠴᠢ ᠶᠢᠨ ᠦᠬᠡ ᠬᠡᠯᠡᠬᠦ ᠶᠢ ᠰᠣᠨᠣᠰᠴᠤ᠂ ᠰᠤᠷᠤᠬᠰᠠᠨ ᠣᠨᠣᠯ ᠪᠣᠯᠤᠨ | ᠦᠨᠳᠦᠰᠦᠲᠡᠨ ᠤ ᠬᠤᠪᠢᠰᠬᠠᠯ ᠤᠨ ᠠᠰᠠᠭᠤᠳᠠᠯ ᠢ ᠤᠶᠠᠯᠳᠤᠭᠤᠯᠵᠤ ᠪᠠᠶᠢᠭᠠᠳ ᠲᠠᠨᠢᠯᠲᠠ ᠣᠢᠢᠯᠠᠭᠠᠯᠲᠠ ᠪᠠᠨ ᠶᠠᠷᠢᠵᠥ | ᠂ ᠠᠭᠤᠷ ᠠᠮᠢᠰᠬᠤᠯ ᠨᠢ ᠲᠤᠶᠢᠯ ᠤᠨ ᠡᠶ᠎ᠡ ᠨᠠᠶᠢᠷᠠᠭ ᠲᠠᠢ ᠪᠠᠶᠢᠯ᠎ᠠ᠃ | ᠯᠢ ᠳ᠋ᠠ ᠵᠤᠤ ᠡᠳᠡᠭᠡᠷ ᠮᠤᠩᠭᠤᠯ ᠵᠠᠯᠠᠭᠤᠴᠤᠳ ᠲᠤ᠄ ︽ᠲᠤᠮᠳᠠᠳᠤ ᠶᠢᠨ ᠦᠨᠳᠦᠰᠦᠳᠡᠨ ᠬᠦᠭᠵᠢᠨ ᠮᠠᠨᠳᠤᠵᠤ | ᠂ ᠮᠣᠩᠭᠤᠯ ᠦᠨᠳᠦᠰᠦᠲᠡᠨ ᠴᠢᠯᠦᠭᠡᠯᠡᠯᠲᠡ ᠪᠠᠨ ᠣᠯᠣᠶ᠎ᠠ ᠭᠡᠪᠡᠯ ᠢᠯᠵᠠᠷᠠᠨ ᠳᠣᠷᠣᠶᠢᠲᠠᠭᠰᠠᠨ ᠤᠮᠠᠷᠠᠲᠤ ᠶᠢᠨ ᠴᠡᠷᠢᠭ | ᠤᠨ ᠡᠷᠭᠡᠳᠡᠨ ᠤ ᠵᠠᠰᠠᠭ ᠤᠨ ᠣᠷᠳᠣᠨ ᠢ ᠴᠤᠭᠢᠨ ᠤᠨᠠᠭᠠᠵᠤ᠂ ᠡᠵᠡᠷᠭᠡᠭ ᠲᠦᠷᠢᠮᠡᠭᠡᠢ ᠦᠵᠡᠯ ᠤᠨ ᠲᠦᠷᠢᠮᠡᠬᠡᠶᠢᠯᠡᠯ ᠢ | ᠬᠤᠷᠢᠬᠯᠠᠬᠤ ᠭᠡᠷᠡᠭᠳᠡᠢ᠃ ᠲᠡᠮᠡᠴᠡᠯ ᠬᠢᠬᠦ ᠳᠤ ᠡᠷᠬᠡᠪᠰᠢ ᠨᠢᠭᠡ ᠬᠤᠪᠢᠰᠬᠠᠯᠳᠤ ᠲᠦᠷᠦ ᠶᠢᠨ ᠨᠠᠮ ᠢᠶᠠᠷ | ᠤᠳᠤᠷᠢᠳᠤᠭᠤᠯᠬᠤ ᠭᠡᠷᠡᠭᠳᠡᠢ᠂ ᠤᠳᠤᠬᠠᠨ ᠳᠤ ᠪᠦᠬᠦ | ᠤᠯᠤᠰ ᠤᠨ ᠡᠯ᠎ᠡ ᠭᠠᠵᠠᠷ ᠲᠤ ᠪᠦᠷ ᠲᠤᠮᠳᠠᠳᠤ ᠤᠯᠤᠰ ᠤᠨ ᠡᠪ ᠬᠠᠮᠳᠤ ᠨᠠᠮ ᠠᠷᠠᠳ ᠲᠦᠮᠡᠨ ᠢ ᠤᠳᠤᠷᠢᠳᠤᠨ | ᠬᠤᠪᠢᠰᠬᠠᠯ ᠬᠢᠵᠤ ᠪᠤᠢ᠂ ᠭᠠᠭᠴᠠ ᠦᠪᠦᠷ ᠮᠤᠩᠭᠤᠯ ᠳᠤ ᠬᠠᠷᠠᠬᠠᠨ ᠡᠪ ᠬᠠᠮᠳᠤ ᠨᠠᠮ ᠤᠨ ᠵᠤᠭᠢᠶᠠᠨ ᠪᠠᠶᠢᠭᠤᠯᠤᠯᠳᠠ | ᠦᠭᠡᠢ ᠪᠠᠶᠢᠭᠰᠠᠭᠠᠷ᠃ ᠲᠠᠨᠠᠷ ᠰᠢᠭ᠋ ᠮᠤᠩᠭᠤᠯ ᠵᠠᠯᠠᠭᠤᠴᠤᠳ ᠮᠠᠷᠺᠰ ᠤᠨ ᠦᠵᠡᠯ ᠤᠨ ᠣᠨᠣᠯ ᠢ ᠰᠤᠷᠤᠯᠴᠠᠵᠤ᠂ | ᠲᠠᠭᠢᠨ ᠪᠤᠳᠠᠳᠤ ᠲᠡᠮᠡᠴᠠᠯ ᠳᠤ ᠤᠷᠤᠯᠴᠠᠨ ᠲᠠᠪᠳᠠᠭᠳᠠᠨ ᠪᠤᠯᠪᠠᠰᠤᠷᠠᠭᠠᠳ ᠢᠷᠡᠭᠡᠳᠦᠢ ᠳᠤ ᠨᠤᠳᠤᠭ ᠤᠷᠤᠨ ᠳᠠᠭᠠᠨ | ᠭᠦᠷᠴᠦ ᠦᠨᠳᠦᠰᠦᠲᠡᠨ ᠤ ᠲᠡᠮᠡᠴᠡᠯ ᠢ ᠤᠳᠤᠷᠢᠳᠴᠦ ᠪᠣᠯᠣᠨ᠎ᠠ︾ ᠭᠡᠵᠡᠢ᠃ ᠲᠡᠭᠦᠨ ᠤ ᠦᠭᠡ ᠵᠠᠯᠠᠭᠤᠴᠤᠳ ᠤᠨ | ᠵᠢᠷᠦᠭᠡ ᠰᠡᠳᠭᠢᠯ ᠳᠤ ᠬᠤᠪᠢᠰᠬᠠᠯ ᠤᠨ ᠦᠷ᠎ᠡ ᠶᠢ ᠲᠠᠷᠢᠵᠤ᠂ ᠦᠨᠳᠦᠰᠦᠯᠡᠨ ᠨᠠᠬᠢᠶᠠᠯᠠᠵᠤ᠂ ᠲᠡᠭᠷᠢ ᠪᠠᠭᠠᠨᠠᠳᠠᠭᠰᠠᠨ | ᠰᠠᠭᠯᠠᠭᠠᠷ ᠮᠤᠳᠤ ᠪᠣᠯᠣᠨ ᠤᠷᠭᠤᠬᠤ ᠪᠠᠷ ᠴᠠᠭ ᠢᠮᠠᠭᠲᠠ ᠪᠡᠯᠡᠬᠡᠨ ᠪᠣᠯᠪᠠ᠃ | ᠡᠨᠡ ᠭᠡᠰᠡᠭ ᠲᠡᠦᠭᠡ ᠶᠢᠨ ᠦᠯᠢᠭᠡᠷ ᠤᠨ ᠲᠤᠬᠠᠢ ᠪᠢᠳᠡ 85 ᠨᠠᠰᠤᠳᠠᠢ ᠢᠦᠢ ᠶᠦᠩ ᠹᠠ ᠨᠠᠰᠤᠲᠠᠨ ᠢ | ᠰᠤᠷᠪᠤᠯᠵᠢᠯᠠᠵᠠᠢ᠃ ᠲᠡᠷᠡ ︽ᠲᠦᠮᠡᠳ ᠤᠨ ᠣᠶᠢᠯᠠᠯᠭ᠎ᠠ︾ ᠶᠢᠨ ᠲᠡᠭᠡᠳᠦ ᠪᠣᠳᠢ ᠶᠢᠨ ᠲᠤᠭᠤᠢᠢᠯᠠᠩ ᠤᠨ | ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠥᠩᠭᠡᠷᠡᠭᠰᠡᠨ ᠪᠣᠯᠬᠤᠷ ᠪᠢᠳᠠᠨ ᠳᠤ ᠮᠣᠩᠭᠤᠯ ᠲᠥᠪᠡᠳ | ᠰᠤᠷᠭᠠᠭᠤᠯᠢ ᠶᠢᠨ ᠮᠣᠩᠭᠤᠯ ᠵᠠᠯᠠᠭᠤᠴᠤᠳ ᠤᠨ ᠰᠤᠷᠭᠠᠭᠤᠯᠢ ᠳᠤ ᠰᠠᠭᠤᠭᠰᠠᠨ ᠦᠯᠢᠭᠡᠷ ᠢ ᠤᠯᠠᠨ ᠤᠯᠠᠨ ᠶᠠᠷᠢᠵᠤ | ᠦᠭᠭᠦ ᠶᠢᠨ ᠲᠠᠭᠠᠦ ᠪᠠᠰᠠ ︽ᠵᠠᠯᠠᠭᠤᠴᠤᠳ ᠮᠣᠩᠭᠤᠯ ᠲᠥᠪᠡᠳ ᠰᠤᠷᠭᠠᠭᠤᠯᠢ ᠠᠴᠠ ᠬᠤᠪᠢᠰᠬᠠᠯ ᠤᠨ ᠴᠤᠭ ᠢ | ᠠᠪᠴᠢᠷᠠᠭᠠᠳ᠂ ᠲᠦᠮᠡᠳ ᠤᠨ ᠠᠷᠠᠳ ᠲᠦᠮᠡᠨ ᠤ ᠰᠡᠳᠭᠢᠯ ᠳᠤ ᠰᠠᠴᠤᠭᠰᠠᠨ ᠶᠤᠮ︾ ᠭᠡᠵᠤ ᠪᠢᠳᠡᠨ ᠳᠤ ᠪᠠᠳᠤᠳᠠᠢ | ᠶᠠᠷᠢᠬᠤ ᠪᠠᠷ ᠨᠢᠳᠤ ᠨᠢ ᠡᠷᠭᠡ ᠦᠭᠡᠢ ᠭᠡᠷᠡᠯᠲᠦᠵᠦ ᠪᠠᠶᠢᠯ᠎ᠠ᠃ | ᠮᠤᠩᠭᠤᠯ ᠲᠦᠪᠡᠳ ᠰᠤᠷᠭᠠᠭᠤᠯᠢ ᠶᠢᠨ ᠲᠤᠬᠠᠢ ᠲᠡᠦᠭᠡᠨ ᠲᠤ ᠲᠡᠮᠳᠡᠭᠯᠡᠭᠳᠡᠭᠰᠡᠨ ᠪᠠᠰᠠ ᠨᠢᠭᠡᠨ ᠤᠴᠢᠷ ᠭᠡᠪᠡᠯ | — ᠲᠤᠮᠳᠠᠳᠤ ᠤᠯᠤᠰ ᠤᠨ ᠡᠪ ᠬᠠᠮᠳᠤ ᠨᠠᠮ ᠤᠨ ᠠᠩᠬᠠᠳᠠᠭᠴᠢ ᠴᠦᠭᠡᠨ ᠲᠤᠭᠠᠳᠤ ᠦᠨᠳᠦᠰᠦᠳᠡᠨ ᠤ ᠨᠠᠮ ᠤᠨ | ᠡᠭᠦᠷ ᠠᠳᠡ ᠪᠠᠶᠢᠭᠤᠯᠤᠭᠳᠠᠵᠠᠢ᠃ ᠠᠩᠬ᠎ᠠ ᠰᠤᠷᠭᠠᠭᠤᠯᠢ ᠳᠤ ᠰᠠᠭᠤᠭᠰᠠᠨ ᠡᠪᠦᠯ ᠠᠴᠠ ᠰᠤᠷᠤᠭᠴᠢᠳ | ᠵᠠᠯᠭᠠᠭ᠎ᠠ ᠪᠠᠷ ᠲᠤᠮᠳᠠᠳᠤ ᠤᠯᠤᠰ ᠤᠨ ᠨᠠᠶᠢᠭᠡᠮ ᠵᠢᠷᠦᠮᠳᠤ ᠵᠠᠯᠠᠭᠤᠴᠤᠳ ᠤᠨ ᠡᠪᠯᠡᠯ ᠳᠤ ᠤᠷᠤᠵᠤ᠂ ᠡᠭᠦᠨ ᠠᠴᠠ | ᠳᠠᠷᠠᠭ᠎ᠠ 1924 ᠣᠨ ᠠᠴᠠ ᠡᠬᠢᠯᠡᠨ ᠵᠠᠯᠭᠠᠭ᠎ᠠ ᠪᠠᠷ ᠨᠠᠮ ᠳᠤ ᠤᠷᠤᠭᠠᠳ᠂ ᠲᠤᠮᠳᠠᠳᠤ ᠤᠯᠤᠰ ᠤᠨ ᠡᠪ ᠬᠠᠮᠳᠤ | ᠨᠠᠮ ᠤᠨ ᠰᠢᠯᠢᠳᠡᠭ ᠭᠡᠰᠢᠭᠦᠳ ᠪᠤᠯᠵᠠᠢ᠃ | ᠡᠭᠦᠨᠴᠡ ᠮᠤᠩᠭᠤᠯ ᠲᠦᠪᠡᠳ ᠰᠤᠷᠭᠠᠭᠤᠯᠢ ᠨᠠᠮ ᠤᠨ ᠴᠦᠭᠡᠨ ᠲᠤᠭᠠᠳᠤ ᠦᠨᠳᠦᠰᠦᠳᠡᠨ ᠤ ᠲᠤᠮᠳᠠ | ᠬᠤᠪᠢᠰᠬᠠᠯᠳᠤ ᠠᠵᠢᠯᠯᠠᠭ᠎ᠠ ᠦᠷᠨᠢᠭᠦᠯᠭᠦ ᠴᠢᠬᠤᠯᠠ ᠭᠠᠵᠠᠷ ᠪᠤᠯᠵᠤ᠂ ᠡᠭᠦᠨ ᠠᠴᠠ ᠬᠤᠶᠢᠰᠢᠬᠢ ᠤᠯᠠᠨ ᠤᠳᠠᠭᠠᠨ ᠤ | ᠬᠤᠪᠢᠰᠬᠠᠯᠳᠤ ᠲᠡᠮᠡᠴᠡᠯ ᠤᠨ ᠲᠤᠮᠳᠠ ᠴᠢᠬᠤᠯᠠ ᠦᠢᠯᠡᠳᠦᠯ ᠪᠠᠳᠠᠷᠠᠭᠤᠯᠤᠨ᠂ ᠡᠳᠡᠭᠡᠷ ᠬᠤᠪᠢᠰᠬᠠᠯ ᠤᠨ ᠨᠦᠭᠦᠳ | ᠨᠠᠮ ᠤᠨ ᠤᠳᠤᠷᠢᠳᠤᠯᠭ᠎ᠠ ᠳᠣᠣᠷ᠎ᠠ᠂ ᠡᠷᠡᠰ ᠪᠠᠳᠤ ᠬᠤᠪᠢᠰᠬᠠᠯ ᠤᠨ ᠢᠳᠡᠭᠡᠯ ᠵᠤᠷᠢᠭ᠂ ᠭᠤᠶᠢᠪᠢᠰᠢ ᠦᠭᠡᠢ | ᠲᠡᠮᠡᠴᠡᠯ ᠤᠨ ᠵᠣᠷᠢᠭ ᠰᠠᠨᠠᠭ᠎ᠠ ᠪᠠᠷ ᠲᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠦᠢᠯᠡᠰ ᠲᠤ ᠪᠠᠯᠠᠷᠠᠰᠢ ᠦᠭᠡᠢ | ᠭᠠᠪᠢᠶ᠎ᠠ ᠵᠢᠳᠬᠦᠯ ᠦᠵᠡᠭᠦᠯᠵᠡᠢ᠃ ᠬᠤᠪᠢᠰᠬᠠᠯ ᠤᠨ ᠠᠵᠢᠯᠯᠠᠭ᠎ᠠ ᠦᠵᠡᠯ ᠰᠠᠨᠠᠭᠠᠨ ᠤ ᠤᠳᠤᠷᠢᠳᠤᠯᠭ᠎ᠠ ᠠᠴᠠ ᠰᠠᠯᠵᠤ | ᠪᠤᠯᠤᠰᠢ ᠦᠭᠡᠢ᠂ 1925 ᠣᠨ ᠤ ᠡᠭᠢᠨ ᠢᠶᠠᠷ᠂ ᠮᠤᠩᠭᠤᠯ ᠲᠦᠪᠡᠳ ᠰᠤᠷᠭᠠᠭᠤᠯᠢ ᠳᠤ ᠮᠤᠩᠭᠤᠯ | ᠵᠠᠯᠠᠭᠤᠴᠤᠳ ᠤᠨ ᠡᠷᠬᠢᠯᠡᠭᠰᠡᠨ ᠬᠤᠪᠢᠰᠬᠠᠯᠲᠤ ᠰᠡᠳᠭᠦᠯ ︽ᠮᠤᠩᠭᠤᠯ ᠲᠠᠷᠢᠶᠠᠴᠢᠨ︾ ᠮᠡᠨᠳᠦᠯᠡᠭᠰᠡᠨ ᠪᠠᠶᠢᠨ᠎ᠠ᠃ | ᠡᠷᠢᠨ ᠬᠠᠶᠢᠬᠤ ᠠᠶᠠᠨ ᠦᠷᠭᠦᠯᠵᠢᠯᠡᠭᠰᠡᠭᠡᠷ᠂ ᠪᠢᠳᠠ ᠤᠯᠠᠭᠠᠨᠬᠦᠦ ᠶᠢᠨ ᠬᠠᠭᠤᠴᠢᠨ ᠰᠠᠭᠤᠴᠠ ᠠᠴᠠ ︽ | ᠮᠤᠩᠭᠤᠯ ᠲᠠᠷᠢᠶᠠᠴᠢᠨ︾ ᠤ ᠠᠩᠬᠠᠳᠤᠭᠠᠷ ᠬᠤᠭᠤᠴᠠᠭᠠᠨ ᠤ ᠲᠠᠭᠤᠷᠢᠶᠠᠯ ᠲᠡᠪᠳᠡᠷ ᠢ ᠤᠯᠵᠤ ᠦᠵᠡᠪᠠ᠃ ︽ᠡᠨᠡ | ᠪᠤᠯ ᠮᠠᠨ ᠤ ᠤᠯᠤᠰ ᠤᠨ ᠤᠳᠤ ᠦᠶ᠎ᠡ ᠶᠢᠨ ᠬᠤᠪᠢᠰᠬᠠᠯ ᠤᠨ ᠲᠡᠦᠭᠡᠨ ᠳᠠᠬᠢ ᠠᠩᠬᠠᠳᠠᠭᠴᠢ ᠦᠨᠳᠦᠰᠦᠳᠡᠨ ᠤ | ᠬᠤᠪᠢᠰᠬᠠᠯᠳᠤ ᠰᠡᠳᠭᠦᠯ ᠮᠦᠨ᠂ ᠲᠤᠬᠠᠢ ᠶᠢᠨ ᠦᠶ᠎ᠡ ᠶᠢᠨ ᠮᠤᠩᠭᠤᠯ ᠦᠨᠳᠦᠰᠦᠳᠡᠨ ᠤ ᠤᠯᠠᠨ ᠲᠦᠮᠡᠨ ᠤ | ᠤᠯᠤᠰ ᠢᠶᠠᠨ ᠬᠠᠶᠢᠷᠠᠯᠠᠬᠤ ᠰᠡᠳᠬᠢᠯ ᠢ ᠤᠷᠠᠶᠢᠯᠡᠨ ᠰᠡᠷᠭᠦᠭᠡᠭᠦ ᠳᠤ ᠮᠠᠰᠢ ᠴᠢᠬᠤᠯᠠ ᠦᠢᠯᠡᠳᠦᠯ ᠦᠵᠡᠭᠦᠯᠦᠭᠰᠡᠨ ᠶᠤᠮ | ︾ ᠭᠡᠵᠤ ᠤᠯᠠᠭᠠᠨᠭᠦᠦ ᠶᠢᠨ ᠬᠠᠭᠤᠴᠢᠨ ᠰᠠᠭᠤᠴᠠ ᠶᠢᠨ ᠬᠠᠷᠢᠭᠤᠴᠠᠯᠭᠠᠲᠠᠨ ᠸᠠᠩ ᠬᠤᠤ ᠵᠢᠶᠦ᠋ᠨ ᠪᠢᠳᠠᠨ ᠳᠤ ᠶᠠᠷᠢᠯ᠎ᠠ | ᠃ | ᠲᠤᠰ ᠰᠡᠳᠭᠦᠯ ᠪᠤᠯ ᠮᠤᠩᠭᠤᠯ ᠦᠨᠳᠦᠰᠦᠳᠡᠨ ᠤ ᠵᠠᠯᠠᠭᠤᠴᠤᠳ ᠤᠨ ᠲᠤᠰᠢᠶᠠᠭᠰᠠᠨ ᠰᠤᠷᠭᠠᠭᠤᠯᠢ ᠲᠡᠭᠦᠰᠭᠦ | ᠰᠢᠯᠭᠠᠯᠳᠠ ᠶᠢᠨ ᠬᠠᠭᠤᠳᠠᠰᠤ ᠪᠠᠶᠢᠵᠤ᠂ ᠲᠡᠭᠦᠨ ᠠᠴᠠ ᠬᠤᠶᠢᠰᠢ ᠰᠤᠷᠤᠭᠴᠢᠳ ᠲᠦᠷᠪᠡᠨ ᠵᠦᠭ ᠨᠠᠢᠮᠠᠨ | ᠵᠤᠪᠭᠢᠰ ᠲᠤ ᠪᠤᠲᠠᠷᠠᠨ ᠣᠳᠴᠤ᠂ ᠲᠤᠰ ᠲᠤᠰ ᠤᠨ ᠬᠤᠪᠢᠰᠬᠠᠯ ᠤᠨ ᠰᠢᠨ᠎ᠡ ᠠᠶᠠᠨ ᠢᠶᠠᠨ ᠡᠬᠢᠯᠡᠭᠦᠯᠵᠡᠢ᠃ | ᠲᠡᠦᠬᠡ ᠶᠢᠨ ᠲᠡᠮᠳᠡᠭᠯᠡᠯ ᠢ ᠦᠨᠳᠦᠰᠦᠯᠡᠪᠠᠯ᠂ ᠡᠳᠡᠭᠡᠷ ᠮᠤᠩᠭᠤᠯ ᠰᠤᠷᠤᠭᠴᠢᠳ ᠴᠠᠭ ᠤᠨ ᠪᠠᠶᠢᠳᠠᠯ ᠤᠨ | ᠰᠢᠬᠠᠯᠳᠠ ᠠᠴᠠ ᠪᠤᠯᠵᠤ 1925 ᠣᠨ ᠳᠤ ᠮᠤᠩᠭᠤᠯ ᠲᠦᠪᠡᠳ ᠰᠤᠷᠭᠠᠭᠤᠯᠢ ᠠᠴᠠ ᠰᠠᠯᠵᠤ᠂ ᠤᠯᠠᠭᠠᠨᠭᠦᠦ᠂ | ᠳ᠋ᠥᠸᠧ ᠰᠦᠩ ᠨᠢᠶᠠᠨ ᠵᠡᠷᠭᠡ ᠭᠦᠮᠦᠰ ᠮᠣᠰᠺᠸᠠ ᠶᠢᠨ ᠵᠦᠩᠱᠠᠨ ᠶᠡᠭᠡ ᠰᠤᠷᠭᠠᠭᠤᠯᠢ ᠳᠤ᠂ ᠵᠢᠷᠭᠠᠯ ᠵᠡᠷᠭᠡ ᠭᠦᠮᠦᠰ | ᠭᠤᠸᠠᠩᠵᠸᠦ ᠶᠢᠨ ᠲᠠᠷᠢᠶᠠᠴᠢᠨ ᠤ ᠭᠦᠳᠡᠯᠭᠡᠭᠡᠨ ᠤ ᠵᠢᠭᠠᠨ ᠰᠤᠷᠬᠤ ᠭᠠᠵᠠᠷ ᠲᠤ᠂ ᠷᠦᠩ ᠶᠤᠤ ᠰᠢᠶᠠᠨ ᠵᠡᠷᠭᠡ | ᠭᠦᠮᠦᠰ ᠬᠤᠸᠠᠩ ᠫᠦ᠋ ᠶᠢᠨ ᠬᠠᠭᠤᠷᠠᠢ ᠵᠠᠮ ᠤᠨ ᠴᠡᠷᠢᠭ ᠤᠨ ᠰᠤᠷᠭᠠᠭᠤᠯᠢ ᠳᠤ ᠲᠤᠰ ᠲᠤᠰ ᠭᠦᠷᠴᠦ ᠰᠤᠷᠤᠯᠴᠠᠭᠠᠳ | ᠂ ᠯᠢ ᠢᠦᠢ ᡁᠢ᠂ ᠵᠠᠶᠠᠭᠠᠳᠠᠢ ᠵᠡᠷᠭᠡ ᠬᠥᠮᠥᠰ ᠥᠪᠥᠷ ᠮᠣᠩᠭᠤᠯ ᠳᠠᠭᠠᠨ ᠪᠤᠴᠠᠨ ᠢᠷᠡᠵᠦ ᠬᠤᠪᠢᠰᠬᠠᠯ ᠤᠨ | ᠲᠡᠮᠡᠴᠡᠯ ᠢ ᠤᠳᠤᠷᠢᠳᠤᠭᠰᠠᠨ ᠪᠠᠶᠢᠨ᠎ᠠ ᠁ | ᠦᠨᠦᠳᠦᠷ ᠤᠨ ᠲᠦᠪ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠬᠠᠷᠢᠶᠠᠳᠤ ᠲᠤᠮᠳᠠᠳᠤ ᠰᠤᠷᠭᠠᠭᠤᠯᠢ | ᠪᠠᠰᠠ ᠤᠤᠯ ᠤᠨ ᠮᠤᠩᠭᠤᠯ ᠲᠦᠪᠡᠳ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ ᠢ | ᠦᠷᠭᠦᠯᠵᠢᠯᠡᠨ ᠬᠡᠷᠡᠭᠵᠢᠭᠦᠯᠦᠭᠰᠡᠭᠡᠷ᠂ ᠵᠢᠯ ᠪᠣᠯᠭᠠᠨ ᠡᠬᠡ ᠤᠯᠤᠰ ᠤᠨ ᠡᠯ᠎ᠡ ᠭᠠᠵᠠᠷ ᠠᠴᠠ ᠡᠯ᠎ᠡ ᠦᠨᠳᠦᠰᠦᠳᠡᠨ ᠤ | ᠰᠤᠷᠤᠭᠴᠢᠳ ᠠᠳᠡ ᠢᠷᠠᠵᠤ ᠰᠤᠷᠤᠯᠴᠠᠳᠠᠭ ᠤᠨ ᠴᠦᠭᠡᠨ ᠪᠤᠰᠤ ᠨᠢ ᠦᠪᠦᠷ ᠮᠤᠩᠭᠤᠯ ᠠᠴᠠ ᠢᠷᠡᠭᠰᠡᠨ ᠪᠠᠶᠢᠳᠠᠭ᠃ | ᠬᠦᠭᠡᠬᠤᠳᠠ ᠳᠤ ᠰᠠᠭᠤᠳᠠᠭ᠂ ᠲᠦᠪ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠬᠠᠷᠢᠶᠠᠳᠤ ᠲᠤᠮᠳᠠᠳᠤ | ᠰᠤᠷᠭᠠᠭᠤᠯᠢ ᠳᠤ ᠰᠤᠷᠤᠯᠴᠠᠵᠤ ᠦᠡᠭᠭᠡᠷᠡᠭᠰᠡᠨ ᠬᠠᠨ ᠰᠢᠶᠤᠤ ᠵᠸᠦ ᠠᠩᠬ᠎ᠠ ᠰᠤᠷᠭᠠᠭᠤᠯᠢ ᠳᠤ ᠤᠴᠢᠭᠰᠠᠨ | ᠪᠠᠶᠢᠳᠠᠯ ᠢᠶᠠᠨ ᠮᠠᠷᠲᠠᠵᠤ ᠴᠢᠳᠠᠬᠤ ᠦᠭᠡᠢ᠄ ︽ᠪᠢ ᠠᠩᠬ᠎ᠠ ᠰᠤᠷᠭᠠᠭᠤᠯᠢ ᠶᠢᠨ ᠲᠡᠦᠬᠡ ᠶᠢᠨ ᠤᠷᠳᠤᠨ ᠳᠤ | ᠤᠷᠤᠭᠠᠳ ᠤᠯᠠᠭᠠᠨᠭᠦᠦ ᠨᠥᠬᠦᠷ ᠤᠨ ᠭᠠᠤᠯᠢᠨ ᠬᠦᠷᠦᠭ ᠢ ᠤᠯᠵᠤ ᠬᠠᠷᠠᠵᠠᠢ᠃ ᠮᠤᠩᠭᠤᠯ ᠵᠠᠯᠠᠭᠤ ᠪᠤᠯᠤᠭᠰᠠᠨ ᠤ | ᠬᠤᠪᠢ ᠳᠤ ᠪᠢ ᠨᠡᠭᠡᠷᠡᠨ ᠤᠮᠤᠭᠰᠢᠭᠰᠠᠨ᠃ ᠭᠠᠶᠢᠬᠠᠮᠰᠢᠭᠳᠤ ᠣᠨ ᠰᠠᠷ᠎ᠠ ᠨᠤᠭᠤᠳ ᠲᠤ᠂ ᠬᠤᠪᠢᠰᠬᠠᠯ ᠤᠨ | ᠤᠷᠢᠳᠤᠰ ᠵᠠᠯᠠᠭᠤ ᠨᠠᠰᠤ ᠪᠤᠯᠤᠨ ᠬᠠᠯᠠᠭᠤᠨ ᠴᠢᠰᠤ ᠪᠠᠷ ᠢᠶᠠᠨ ᠨᠤᠭᠤᠷᠠᠰᠢ ᠦᠭᠡᠢ ᠲᠡᠮᠡᠴᠡᠯ ᠶᠠᠪᠤᠭᠤᠯᠵᠤ ᠪᠠᠶᠢᠭᠰᠠᠨ | ᠨᠢ ᠬᠡᠴᠢᠨᠡᠨ ᠪᠢᠰᠢᠷᠡᠯᠲᠡᠢ ᠪᠢᠯᠡ︾ ᠭᠡᠵᠦ ᠶᠠᠷᠢᠨ᠎ᠠ᠃ | ᠢᠳᠡᠭᠡᠯ ᠪᠢᠰᠢᠷᠡᠯ ᠲᠠᠢ ᠬᠥᠮᠥᠨ ᠯᠠᠪ ᠵᠤᠯ ᠵᠢᠷᠭᠠᠯ ᠲᠠᠢ᠃ ᠮᠤᠩᠭᠤᠯ ᠲᠦᠪᠡᠳ ᠰᠤᠷᠭᠠᠭᠤᠯᠢ ᠳᠤ ᠮᠤᠩᠭᠤᠯ | ᠵᠠᠯᠠᠭᠤᠴᠤᠳ ᠥᠪᠡᠷ ᠤᠨ ᠢᠶᠠᠨ ᠢᠳᠡᠭᠡᠯ ᠪᠢᠰᠢᠷᠠᠯ ᠢᠶᠠᠨ ᠤᠯᠵᠤ᠂ ᠡᠷᠡᠰ ᠭᠤᠶᠢᠪᠢᠰᠢ ᠦᠭᠡᠢ ᠪᠠᠷ ᠲᠤᠮᠳᠠᠳᠤ | ᠤᠯᠤᠰ ᠤᠨ ᠡᠪ ᠬᠠᠮᠳᠤ ᠨᠠᠮ ᠢ ᠲᠠᠭᠠᠵᠤ᠂ ᠥᠪᠥᠷ ᠮᠣᠩᠭᠤᠯ ᠤᠨ ᠬᠤᠪᠢᠰᠬᠠᠯ ᠤᠨ ᠰᠢᠨ᠎ᠡ ᠠᠶᠠᠨ ᠢᠶᠠᠨ | ᠡᠬᠢᠯᠡᠭᠦᠯᠵᠡᠢ᠃ |