2021 ᠣᠨ ᠤ ᠬᠠᠪᠤᠷ ᠤᠨ ᠤᠯᠠᠷᠢᠯ ᠤᠨ ᠬᠥᠬᠡᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠪᠠᠭ᠎ᠠ ᠰᠤᠷᠭᠠᠭᠤᠯᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠡᠷ᠎ᠡ ᠮᠡᠳᠡᠭᠦᠯᠬᠦ ᠠᠵᠢᠯ ᠥᠨᠥᠳᠦᠷ ᠠᠴᠠ ᠡᠬᠢᠯᠡᠪᠡ
ᠨᠡᠶᠢᠲᠡᠯᠡᠭᠰᠡᠨ ᠴᠠᠭ᠄
2021/1/22
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 1 ᠰᠠᠷ᠎ᠠ ᠶᠢᠨ 21 ᠤ ᠡᠳᠦᠷ ᠤᠨ 9 ᠴᠠᠭ ᠲᠤ᠂ 2021 ᠣᠨ ᠤ ᠬᠠᠪᠤᠷ ᠤᠨ ᠤᠯᠠᠷᠢᠯ ᠤᠨ ᠬᠥᠬᠡᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠪᠠᠭ᠎ᠠ ᠰᠤᠷᠭᠠᠭᠤᠯᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠡᠷ᠎ᠡ ᠮᠡᠳᠡᠭᠦᠯᠬᠦ ᠠᠵᠢᠯ ᠡᠬᠢᠯᠡᠪᠡ᠃ ᠲᠣᠰ ᠤᠳᠠᠭᠠᠨ ᠤ ᠨᠡᠷ᠎ᠡ ᠮᠡᠳᠡᠭᠦᠯᠬᠦ ᠠᠵᠢᠯ ᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠪᠠᠷ ᠶᠠᠪᠤᠬᠳᠠᠭᠤᠯᠤᠨ᠎ᠠ᠂ ᠨᠡᠷ᠎ᠡ ᠮᠡᠳᠡᠭᠦᠯᠬᠦ ᠰᠦᠯᠵᠢᠶ᠎ᠡ ᠨᠢ ᠬᠥᠬᠡᠬᠤᠲᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵ᠰᠦᠯᠵᠢᠶᠡᠨ ᠤ ᠬᠠᠶ᠋ᠢᠭ http᠄ / / www . hhpta . org . cn︶ ᠪᠣᠯᠤᠨ᠎ᠠ᠃ ᠨᠡᠷ᠎ᠡ ᠮᠡᠳᠡᠭᠦᠯᠬᠦ ᠴᠠᠭ ᠨᠢ 1 ᠰᠠᠷ᠎ᠠ ᠶᠢᠨ 25 ᠤ ᠡᠳᠦᠷ ᠤᠨ 17 ᠴᠠᠭ ᠬᠦᠷᠦᠨ᠎ᠡ᠃      ᠣᠶᠢᠯᠠᠭᠠᠭᠰᠠᠨ ᠢᠶᠠᠷ᠂ 2021 ᠣᠨ ᠤ ᠬᠠᠪᠤᠷ ᠤᠨ ᠤᠯᠠᠷᠢᠯ ᠳᠤ ᠬᠥᠬᠡᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠪᠠᠭ᠎ᠠ ᠰᠤᠷᠭᠠᠭᠤᠯᠢ ᠥᠨᠳᠥᠷ ᠰᠤᠷᠤᠯᠭ᠎ᠠ ᠶᠢᠨ ᠨᠠᠮᠲᠠᠷ ᠲᠠᠢ ᠵᠠᠯᠠᠭᠤ ᠴᠢᠳᠠᠪᠤᠷᠢᠲᠠᠨ᠂ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ 15 ᠬᠦᠮᠦᠨ ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠠᠶᠢᠨ᠎ᠠ᠃ ᠤᠷᠤᠭᠤᠯᠵᠤ ᠠᠪᠴᠢᠷᠠᠬᠰᠠᠨ ᠴᠢᠳᠠᠪᠤᠷᠢᠲᠠᠨ ᠢ ᠠᠵᠢᠯ ᠦᠢᠯᠡᠰ ᠤᠨ ᠣᠷᠣᠨ ᠲᠤᠭ᠎ᠠ ᠳᠤ ᠣᠷᠣᠭᠤᠯᠵᠤ᠂ ᠬᠥᠬᠡᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠲᠠᠢ ᠠᠳᠠᠯᠢ ᠪᠠᠷᠢᠮᠵᠢᠶ᠎ᠠ ᠪᠦᠭᠦᠢ ᠴᠠᠯᠢᠩ ᠠᠰᠠᠷᠠᠮᠵᠢ ᠶᠢᠨ ᠣᠯᠭᠤᠮᠵᠢ ᠵᠢᠴᠢ ᠬᠠᠮᠢᠶ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠣᠯᠭᠤᠮᠵᠢ ᠶᠢ ᠬᠦᠷᠲᠡᠭᠡᠨ᠎ᠡ᠃      ᠣᠷᠣᠭᠤᠯᠤᠨ ᠠᠪᠴᠢᠷᠠᠬᠤ ᠬᠢᠷᠢ ᠬᠡᠮ ᠤᠨ ᠨᠥᠬᠦᠴᠡᠯ ᠤᠨ 4 ᠳ᠋ᠤᠭᠡᠷ ᠵᠦᠢᠯ ᠳᠤ ᠨᠡᠶᠢᠴᠡᠭᠰᠡᠨ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠤᠯ ᠤᠨ ᠨᠢᠭᠡᠴᠡ ᠶᠢᠨ ᠤᠷᠢᠨ ᠬᠡᠷᠡᠭᠯᠡᠬᠦ ᠠᠵᠢᠯ ᠤᠨ ᠪᠠᠶᠢᠷᠢ ᠪᠠᠷ ᠤᠷᠢᠨ ᠬᠡᠷᠡᠭᠯᠡᠨ᠎ᠡ᠂ ᠡᠭᠦᠨ ᠳᠤ᠂ ᠳᠡᠭᠡᠳᠦ ᠵᠡᠷᠭᠡ ᠶᠢᠨ᠂ ᠵᠢᠩᠬᠢᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠪᠥᠭᠡᠳ ᠤᠤᠯ ᠤᠨ ᠨᠢᠭᠡᠴᠡ ᠳᠤ ᠵᠣᠬᠢᠬᠤ ᠠᠵᠢᠯ ᠤᠨ ᠪᠠᠶᠢᠷᠢ ᠳᠤ ᠤᠷᠢᠨ ᠲᠣᠮᠢᠯᠠᠭᠰᠠᠨ ᠥᠬᠡᠶ ᠬᠥᠮᠦᠰ ᠢ ᠰᠢᠭᠤᠳ ᠳᠡᠭᠡᠳᠦ ᠵᠡᠷᠭᠡ ᠶᠢᠨ ᠮᠡᠷᠭᠡᠵᠢᠯ ᠤᠨ ᠴᠤᠯᠠ ᠶᠢᠨ ᠳᠣᠯᠣᠳᠤᠭᠠᠷ ᠳᠡᠰ᠂ ᠳᠥᠷᠪᠡᠳᠦᠭᠡᠷ ᠳᠡᠰ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠵᠦ ᠪᠣᠯᠤᠨ᠎ᠠ᠃ ᠬᠡᠷᠪᠡ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠳᠤ ᠬᠤᠭᠤᠰᠣᠨ ᠠᠵᠢᠯ ᠤᠨ ᠪᠠᠶᠢᠷᠢ ᠪᠠᠶᠢᠬᠤ ᠥᠬᠡᠶ ᠪᠣᠯ ᠬᠥᠮᠦᠨ ᠬᠡᠷᠡᠭᠯᠡᠬᠦ ᠨᠢᠭᠡᠴᠡ ᠠᠴᠠ ᠣᠨᠴᠠᠭᠠᠶ ᠠᠵᠢᠯ ᠤᠨ ᠪᠠᠶᠢᠷᠢ ᠭᠠᠷᠭᠠᠬᠤ ᠭᠤᠶᠤᠴᠢᠯᠠᠯ ᠭᠠᠷᠭᠠᠵᠤ᠂ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠱᠠᠲᠤ ᠳᠠᠷᠠᠭᠠᠯᠠᠨ ᠬᠢᠨᠠᠨ ᠬᠠᠷᠭᠤᠭᠤᠯᠬᠤ ᠶᠢᠨ ᠬᠠᠮᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠬᠠᠷᠠᠭᠠᠯᠵᠠᠬᠰᠠᠨ ᠠᠵᠢᠯ ᠤᠨ ᠪᠠᠶᠢᠷᠢ ᠳᠤ ᠤᠷᠢᠵᠤ ᠬᠡᠷᠡᠭᠯᠡᠨ᠎ᠡ᠃ ᠳ᠋ᠣᠺᠲ᠋ᠣᠷᠠᠨᠲ᠂ ᠬᠢᠯᠢ ᠶᠢᠨ ᠭᠠᠳᠠᠨᠠᠬᠢ ᠠᠯᠳᠠᠷᠲᠤ ᠶᠡᠭᠡ ᠰᠤᠷᠭᠠᠭᠤᠯᠢ ︵2020 — 2021 ᠣᠨ ᠤ QS ᠤᠨ ᠳᠡᠯᠡᠬᠡᠶ ᠶᠢᠨ ᠨᠡᠷᠡᠰ ᠤᠨ ᠵᠢᠭᠰᠠᠭᠠᠯᠲᠠ ᠶᠢᠨ ᠡᠮᠦᠨ᠎ᠡ 1000 ᠨᠡᠷᠡᠰ︶ ᠶᠢᠨ ᠠᠰᠫᠢᠷᠠᠨᠲ᠂ ᠤᠯᠤᠰ ᠤᠨ ᠳᠣᠲᠣᠭᠠᠳᠤ ᠶᠢᠨ ︽ᠬᠤᠤᠰ ᠲᠡᠷᠢᠭᠦᠨ ᠲᠠᠰ︾ ᠤᠨ ᠶᠡᠭᠡ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠶᠢᠨ ᠠᠰᠫᠢᠷᠠᠨᠲ᠂ ︽ᠲᠡᠷᠢᠭᠦᠨ ᠲᠡᠰ ᠤᠨ ᠶᠡᠭᠡ ᠰᠤᠷᠭᠠᠭᠤᠯᠢ︾ ᠶᠢᠨ ᠪᠥᠲᠥᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠪᠠ ︽ᠲᠡᠷᠢᠭᠦᠨ ᠲᠡᠰ ᠤᠨ ᠰᠢᠨᠵᠢᠯᠡᠭᠡᠨ ᠤ ᠰᠠᠯᠠᠭ᠎ᠠ︾ ᠶᠢᠨ ᠵᠢᠩᠬᠢᠨᠢ ᠠᠩᠭᠢ ᠠᠴᠠ ᠲᠡᠭᠦᠰᠦᠭᠰᠡᠳ ︵ᠠᠯᠪᠠᠨ ᠤ ᠰᠦᠢᠳᠬᠡᠯ ᠢᠶᠠᠷ ᠰᠤᠷᠤᠯᠴᠠᠬᠰᠠᠨ ᠪᠠᠭᠰᠢ ᠶᠢᠨ ᠰᠤᠷᠭᠠᠭᠤᠯᠢ ᠠᠴᠠ ᠲᠡᠭᠦᠰᠦᠭᠰᠡᠳ ᠪᠠᠭᠲᠠᠨ᠎ᠠ︶ ᠢ ᠣᠷᠣᠭᠤᠯᠤᠨ ᠠᠪᠴᠢᠷᠠᠵᠤ ᠬᠥᠬᠡᠬᠤᠲᠠ ᠶᠢᠨ ᠠᠵᠢᠯ ᠦᠢᠯᠡᠰ ᠤᠨ ᠨᠢᠭᠡᠴᠡ ᠳᠤ ᠠᠵᠢᠯᠯᠠᠭᠤᠯᠤᠨ᠂ 10 ᠲᠦᠮᠡᠨ ᠲᠥᠭᠦᠷᠢᠭ ᠤᠨ ᠲᠥᠪᠬᠢᠨᠡᠭᠦᠯᠬᠦ ᠵᠠᠷᠤᠳᠠᠯ ᠣᠯᠭᠤᠵᠤ᠂ ᠵᠢᠯ ᠪᠦᠷᠢ 2 ᠲᠦᠮᠡᠨ ᠲᠥᠭᠦᠷᠢᠭ ᠣᠯᠭᠤᠨ᠂ 5 ᠵᠢᠯ ᠳᠠᠷᠠᠭᠠᠯᠠᠨ ᠣᠯᠭᠤᠨ᠎ᠠ᠃ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠦᠷ᠎ᠡ ᠬᠡᠤᠬᠡᠳ ᠤᠨ ᠴᠡᠴᠡᠷᠯᠢᠭ ᠲᠤ ᠣᠷᠣᠬᠤ᠂ ᠰᠤᠷᠭᠠᠭᠤᠯᠢ ᠳᠤ ᠣᠷᠣᠬᠤ ︵ᠲᠤᠮᠳᠠᠳᠤ ᠪᠠᠭ᠎ᠠ ᠰᠤᠷᠭᠠᠭᠤᠯᠢ ᠳᠤ ᠤᠷᠤᠬᠤ︶ ᠶᠢ ᠤᠷᠢᠳ ᠢᠶᠠᠷ ᠲᠣᠬᠢᠷᠠᠭᠤᠯᠤᠨ᠎ᠠ᠃http://mongol.people.com.cn/15835805.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号