ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾  ᠤᠨ ᠬᠤᠭᠤᠴᠠᠭ᠎ᠠ ᠰᠣᠯᠢᠬᠤ ᠠᠵᠢᠯ ᠤᠨ ᠬᠠᠮᠢᠶ᠎ᠠ ᠪᠥᠬᠦᠶ ᠠᠰᠠᠭᠤᠳᠠᠯ ᠤᠨ ᠲᠤᠬᠠᠢ ᠬᠠᠷᠢᠭᠤᠯᠲᠠ
ᠨᠡᠶᠢᠲᠡᠯᠡᠭᠰᠡᠨ ᠴᠠᠭ᠄
2021/1/22
      ᠭᠠᠴᠠᠭ᠎ᠠ ᠲᠤᠰᠬᠤᠨ ᠤ ᠠᠷᠠᠳ ᠤᠨ ᠰᠣᠩᠭᠤᠭᠤᠯᠢ ᠶᠢᠨ ᠺᠣᠮᠢᠰ ᠤᠨ ᠪᠦᠷᠢᠯᠳᠦᠬᠦᠨ ᠢ ᠰᠣᠩᠭᠤᠨ ᠭᠠᠷᠭᠠᠬᠤ ᠳᠤ ᠠᠯᠢ ᠬᠡᠳᠦᠨ ᠠᠰᠠᠭᠤᠳᠠᠯ ᠢ ᠡᠵᠡᠮᠰᠢᠬᠦ ᠶᠢ ᠠᠩᠬᠠᠷᠬᠤ ᠬᠡᠷᠡᠭᠲᠡᠢ ᠪᠤᠢ︖      ᠬᠠᠷᠢᠭᠤᠯᠲᠠ᠄ ᠭᠠᠴᠠᠭ᠎ᠠ ᠲᠤᠰᠬᠤᠨ ᠤ ᠠᠷᠠᠳ ᠤᠨ ᠰᠣᠩᠭᠤᠭᠤᠯᠢ ᠶᠢᠨ ᠺᠣᠮᠢᠰ ᠪᠣᠯ ᠲᠤᠰ ᠭᠠᠴᠠᠭ᠎ᠠ ᠲᠤᠰᠬᠤᠨ ᠤ ᠰᠣᠩᠭᠤᠭᠤᠯᠢ ᠶᠢᠨ ᠠᠵᠢᠯ ᠢ ᠰᠢᠭᠤᠳ ᠡᠷᠬᠢᠯᠡᠬᠦ ᠪᠠᠶᠢᠭᠤᠯᠤᠮᠵᠢ ᠮᠥᠨ᠃ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ ᠺᠣᠮᠢᠰ ᠤᠨ ᠪᠦᠷᠢᠯᠳᠦᠬᠦᠨ ᠢ ᠰᠣᠩᠭᠤᠨ ᠭᠠᠷᠭᠠᠬᠤ ᠠᠵᠢᠯ ᠢ ᠰᠠᠶᠢᠲᠤᠷ ᠬᠢᠬᠦ ᠳᠤ ᠡᠷᠬᠡᠪᠰᠢ ᠳᠣᠣᠷᠠᠬᠢ ᠬᠡᠳᠦᠨ ᠲᠠᠯ᠎ᠠ ᠶᠢ ᠰᠠᠶᠢᠲᠤᠷ ᠡᠵᠡᠮᠰᠢᠬᠦ ᠬᠡᠷᠡᠭᠲᠡᠶ᠄  ︵ᠨᠢᠭᠡ︶ ᠭᠠᠴᠠᠭ᠎ᠠ ᠲᠣᠰᠬᠤᠨ ᠤ ᠪᠠᠶᠢᠳᠠᠯ ᠢᠶᠠᠨ ᠰᠠᠶᠢᠨ ᠮᠡᠳᠡᠬᠦ᠂ ᠭᠠᠴᠠᠭ᠎ᠠ ᠲᠣᠰᠬᠤᠨ ᠤ ᠠᠷᠠᠳ ᠤᠨ ᠳᠤᠮᠳᠠ ᠨᠡᠯᠢᠶᠡᠳ ᠨᠡᠷ᠎ᠡ ᠬᠦᠨᠳᠦ ᠲᠠᠢ᠂ ᠨᠡᠯᠢᠶᠡᠳ ᠴᠢᠩᠭ᠎ᠠ ᠠᠵᠢᠯ ᠤᠨ ᠴᠢᠳᠠᠪᠤᠷᠢ ᠲᠠᠢ ᠪᠥᠭᠡᠳ ᠭᠠᠴᠠᠭ᠎ᠠ ᠲᠣᠰᠬᠤᠨ ᠤ ᠠᠷᠠᠳ ᠲᠤ ᠦᠢᠯᠡᠴᠢᠯᠡᠬᠦ ᠳᠤᠷᠠᠲᠠᠶ ᠬᠥᠮᠦᠰ ᠢ ᠰᠣᠩᠭᠤᠨ ᠭᠠᠷᠭᠠᠬᠤ ᠬᠡᠷᠡᠭᠲᠡᠶ᠃ ︵ᠬᠤᠶᠠᠷ︶ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ ᠺᠣᠮᠢᠰ ᠤᠨ ᠪᠦᠷᠢᠯᠳᠦᠬᠦᠨ ᠳᠤ ᠭᠠᠴᠠᠭ᠎ᠠ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠪᠤᠰᠤᠳ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠪᠠᠶᠢᠬᠤ ᠬᠡᠷᠡᠭᠲᠡᠶ ᠮᠥᠷᠲᠡᠭᠡᠨ ᠪᠠᠰᠠ ᠭᠠᠴᠠᠭ᠎ᠠ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ ᠶᠢᠨ ᠲᠥᠯᠥᠭᠡᠯᠡᠭᠴᠢ ᠪᠣᠯᠤᠨ ᠭᠠᠴᠠᠭ᠎ᠠ ᠲᠣᠰᠬᠤᠨ ᠤ ᠠᠷᠠᠳ ᠤᠨ ᠲᠥᠯᠥᠭᠡᠯᠡᠭᠴᠢ ᠪᠠᠶᠢᠬᠤ ᠬᠡᠷᠡᠭᠲᠡᠶ᠂ ᠬᠠᠮᠤᠭ ᠤᠨ ᠰᠠᠶᠢᠨ ᠨᠢ ᠭᠠᠴᠠᠭ᠎ᠠ ᠲᠣᠰᠬᠤᠨ ᠤ ᠳᠣᠲᠣᠷᠠᠬᠢ ᠨᠡᠷ᠎ᠡ ᠬᠦᠨᠳᠦ ᠲᠠᠢ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠤ ᠲᠥᠯᠥᠭᠡᠯᠡᠭᠴᠢ ᠪᠠᠶᠢᠬᠤ ᠬᠡᠷᠡᠭᠲᠡᠶ᠃ ︵ᠭᠤᠷᠪᠠ︶ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠪᠦᠷᠢᠯᠳᠦᠬᠦᠨ ᠤ ᠵᠢᠱᠢᠭᠳᠡᠭᠴᠢ ᠪᠠᠷ ᠨᠡᠷ᠎ᠡ ᠳᠤᠷᠠᠳᠤᠭᠳᠠᠭᠰᠠᠨ ᠭᠠᠴᠠᠭ᠎ᠠ ᠲᠣᠰᠬᠤᠨ ᠤ ᠠᠷᠠᠳ ᠨᠢ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ ᠺᠣᠮᠢᠰ ᠤᠨ ᠪᠦᠷᠢᠯᠳᠦᠬᠦᠨ ᠤ ᠲᠤᠰᠢᠶᠠᠯ ᠢ ᠡᠭᠦᠷᠭᠡᠯᠡᠵᠦ ᠪᠣᠯᠬᠤ ᠦᠭᠡᠶ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠵᠢᠩᠬᠢᠨᠢ ᠵᠢᠱᠢᠭᠳᠡᠭᠴᠢ ᠶᠢᠨ ᠲᠥᠷᠥᠯ ᠰᠠᠳᠤᠨ ᠨᠢ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ ᠺᠣᠮᠢᠰ ᠤᠨ ᠪᠦᠷᠢᠯᠳᠦᠬᠦᠨ ᠤ ᠲᠤᠰᠢᠶᠠᠯ ᠢ ᠡᠭᠦᠷᠭᠡᠯᠡᠵᠦ ᠪᠣᠯᠬᠤ ᠦᠭᠡᠶ ᠪᠥᠭᠡᠳ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ ᠺᠣᠮᠢᠰ ᠤᠨ ᠪᠦᠷᠢᠯᠳᠦᠬᠦᠨ ᠤ ᠬᠤᠭᠤᠷᠣᠨᠳᠣ ᠳᠤ ᠪᠠᠨ ᠴᠦ ᠲᠥᠷᠥᠯ ᠰᠠᠳᠤᠨ ᠤ ᠬᠠᠷᠢᠴᠠᠭ᠎ᠠ ᠲᠠᠢ ᠪᠠᠶᠢᠵᠤ ᠪᠣᠯᠬᠤ ᠦᠭᠡᠶ᠃ ᠪᠣᠳᠠᠲᠠᠶ ᠬᠡᠷᠡᠭᠵᠢᠭᠦᠯᠬᠦ ᠶᠠᠪᠤᠴᠠ ᠳᠤ᠂ ᠵᠢᠱᠢᠭᠳᠡᠭᠰᠡᠳ ᠤᠨ ᠲᠤᠳᠤᠷ᠎ᠠ ᠠᠴᠠ ᠨᠡᠯᠢᠶᠡᠳ ᠤᠯᠠᠨ ᠬᠦᠮᠦᠨ ᠵᠠᠶᠢᠯᠠᠭᠰᠠᠨ ᠠᠴᠠ ᠪᠣᠯᠵᠤ᠂ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ ᠺᠣᠮᠢᠰ ᠬᠠᠮᠲᠤ ᠪᠠᠷ ᠰᠢᠢᠳᠪᠦᠷᠢ ᠭᠠᠷᠭᠠᠬᠤ ᠳᠤ ᠬᠦᠴᠢᠷᠲᠡᠶ ᠪᠣᠯᠬᠤ ᠠᠰᠠᠭᠤᠳᠠᠯ ᠢ ᠰᠡᠷᠭᠡᠶᠢᠯᠡᠬᠦ ᠶᠢᠨ ᠲᠤᠰᠠᠳᠠ᠂ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ ᠺᠣᠮᠢᠰ ᠢ ᠰᠣᠩᠭᠤᠨ ᠭᠠᠷᠭᠠᠬᠤ ᠦᠶ᠎ᠡ ᠳᠤ᠂ ᠣᠷᠣᠯᠠᠭᠴᠢ ᠪᠦᠷᠢᠯᠳᠦᠬᠦᠨ ᠢ ᠤᠷᠢᠳᠴᠢᠯᠠᠨ ᠲᠣᠬᠢᠷᠠᠭᠤᠯᠬᠤ ᠶᠢᠨ ᠬᠠᠮᠲᠤ ᠣᠷᠣᠯᠠᠭᠴᠢ ᠪᠦᠷᠢᠯᠳᠦᠬᠦᠨ ᠤ ᠵᠢᠭᠰᠠᠭᠠᠯᠲᠠ ᠶᠢ ᠲᠣᠭᠲᠠᠭᠠᠵᠤ᠂ ᠬᠦᠮᠦᠨ ᠳᠤᠲᠠᠭᠳᠠᠬᠤ ᠦᠶ᠎ᠡ ᠳᠤ ᠳᠡᠰ ᠳᠠᠷᠠᠭᠠᠯᠠᠯ ᠤᠨ ᠶᠣᠰᠣᠭᠠᠷ ᠳᠠᠷᠠᠭᠠᠯᠠᠨ ᠨᠥᠬᠦᠪᠥᠷᠢᠯᠡᠵᠦ ᠪᠣᠯᠤᠨ᠎ᠠ᠃ ︵ᠳᠥᠷᠪᠡ︶ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ ᠺᠣᠮᠢᠰ ᠤᠨ ᠪᠦᠷᠢᠯᠳᠦᠬᠦᠨ ᠤ ᠨᠡᠷᠡᠰ ᠢ ᠴᠠᠭ ᠲᠤᠬᠠᠶ ᠳᠤᠨᠢ ᠵᠠᠷᠯᠠᠨ ᠨᠡᠶᠢᠲᠡᠯᠡᠬᠦ ᠶᠢᠨ ᠬᠠᠮᠲᠤ ᠰᠤᠮᠤ ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠩᠭᠤᠭᠤᠯᠢ ᠶᠢᠨ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠵᠤ᠂ ᠣᠯᠠᠨ ᠲᠦᠮᠡᠨ ᠤ ᠬᠢᠨᠠᠯᠲᠠ ᠲᠠᠯᠪᠢᠬᠤ ᠪᠠ ᠡᠯ᠎ᠡ ᠱᠠᠲᠤᠨ ᠤ ᠰᠣᠩᠭᠤᠭᠤᠯᠢ ᠶᠢᠨ ᠠᠵᠢᠯ ᠤᠨ ᠪᠠᠶᠢᠭᠤᠯᠤᠮᠵᠢ ᠶᠢᠨ ᠵᠢᠯᠣᠭᠤᠳᠣᠯᠭ᠎ᠠ ᠶᠢ ᠬᠦᠯᠢᠶᠡᠬᠦ ᠬᠡᠷᠡᠭᠲᠡᠶ᠃ ︵ᠲᠠᠪᠤ︶ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ  ᠺᠣᠮᠢᠰ ᠤᠨ ᠪᠦᠷᠢᠯᠳᠦᠬᠦᠨ ᠤ ᠲᠤᠭ᠎ᠠ ᠶᠢ ᠭᠠᠴᠠᠭ᠎ᠠ ᠲᠣᠰᠬᠤᠨ ᠨᠢᠭᠡᠪᠦᠷᠢ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠲᠠᠷᠢᠶᠠᠴᠢᠨ ᠮᠠᠯᠴᠢᠳ ᠤᠨ ᠲᠥᠯᠥᠭᠡᠯᠡᠭᠴᠢᠳ ᠤᠨ ᠬᠤᠷᠠᠯ ᠢᠶᠠᠷ ᠲᠣᠭᠲᠠᠭᠠᠨ᠎ᠠ᠂  ᠶᠡᠷᠦ ᠳᠡᠭᠡᠨ 5 — 9 ᠬᠥᠮᠦᠨ ᠪᠠᠶᠢᠵᠤ᠂ ᠬᠦᠮᠦᠨ ᠤ ᠲᠤᠭ᠎ᠠ ᠨᠢ ᠰᠣᠨᠳᠣᠭᠤᠶ ᠲᠤᠭ᠎ᠠ ᠪᠠᠶᠢᠬᠤ ᠶᠢ ᠱᠠᠭᠠᠷᠳᠠᠨ᠎ᠠ᠃     ᠭᠠᠴᠠᠭ᠎ᠠ ᠲᠤᠰᠬᠤᠨ ︵ᠰᠠᠭᠤᠭᠠᠯᠢ︶ ᠤ ᠠᠷᠠᠳ ᠤᠨ ᠰᠣᠩᠭᠤᠭᠤᠯᠢ ᠶᠢᠨ ᠺᠣᠮᠢᠰ ᠤᠨ ᠪᠦᠷᠢᠯᠳᠦᠬᠦᠨ ᠢ ᠶᠠᠭᠠᠬᠢᠵᠦ ᠰᠤᠩᠭᠤᠵᠤ ᠭᠠᠷᠭᠠᠬᠤ ᠪᠣᠶ︖      ᠬᠠᠷᠢᠭᠤᠯᠲᠠ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠴᠠᠭ᠎ᠠ ᠲᠤᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠪᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠴᠠᠭ᠎ᠠ ᠲᠤᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠳᠤ᠄ ᠭᠠᠴᠠᠭ᠎ᠠ ᠲᠤᠰᠬᠤᠨ ᠤ ᠠᠷᠠᠳ ᠤᠨ ᠰᠣᠩᠭᠤᠭᠤᠯᠢ ᠶᠢᠨ ᠺᠣᠮᠢᠰ ᠤᠨ ᠪᠦᠷᠢᠯᠳᠦᠬᠦᠨ ᠢ ᠭᠠᠴᠠᠭ᠎ᠠ ᠲᠤᠰᠬᠤᠨ ᠤ ᠠᠷᠠᠳ ᠤᠨ ᠬᠤᠷᠠᠯ᠂ ᠭᠠᠴᠠᠭ᠎ᠠ ᠲᠤᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠪᠤᠶᠤ ᠡᠯ᠎ᠡ ᠭᠠᠴᠠᠭ᠎ᠠ ᠲᠤᠰᠬᠤᠨ ᠤ ᠠᠷᠠᠳ ᠤᠨ ᠳᠤᠭᠤᠶᠢᠯᠠᠩ ᠤᠨ ᠬᠤᠷᠠᠯ ᠢᠶᠠᠷ ᠰᠣᠩᠭᠤᠵᠤ ᠭᠠᠷᠭᠠᠨ᠎ᠠ᠃ ᠡᠭᠦᠨ ᠳᠤ᠂ ᠡᠯ᠎ᠡ ᠭᠠᠴᠠᠭ᠎ᠠ ᠲᠣᠰᠬᠤᠨ ᠤ ᠠᠷᠠᠳ ᠤᠨ ᠳᠤᠭᠤᠶᠢᠯᠠᠩ ᠤᠨ ᠬᠤᠷᠠᠯ ᠢᠶᠠᠷ ᠪᠠᠲᠤᠯᠠᠨ ᠲᠠᠨᠢᠯᠴᠠᠭᠤᠯᠬᠤ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ ᠺᠣᠮᠢᠰ ᠤᠨ ᠪᠦᠷᠢᠯᠳᠦᠬᠦᠨ ᠤ ᠲᠤᠭ᠎ᠠ ᠶᠢ ᠡᠯ᠎ᠡ ᠭᠠᠴᠠᠭ᠎ᠠ ᠲᠣᠰᠬᠤᠨ ᠤ ᠠᠷᠠᠳ ᠤᠨ ᠳᠤᠭᠤᠶᠢᠯᠠᠩ ᠳᠤ ᠬᠤᠪᠢᠶᠠᠷᠢᠯᠠᠵᠦ ᠦᠭᠭᠦᠨ᠎ᠡ᠃ ᠡᠯ᠎ᠡ ᠬᠤᠷᠠᠯ ᠢ ᠬᠤᠷᠠᠯᠳᠤᠭᠤᠯᠬᠤ ᠳᠤ ᠴᠥᠮ ᠬᠠᠤᠯᠢ ᠪᠠᠷ ᠲᠣᠭᠲᠠᠭᠠᠭᠰᠠᠨ ᠬᠤᠯᠪᠣᠭᠳᠠᠯ ᠪᠦᠬᠦᠢ ᠬᠥᠮᠦᠨ ᠤ ᠲᠣᠭᠠᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠬᠡᠷᠪᠡ ᠳᠤᠷᠠᠳᠤᠭᠳᠠᠭᠰᠠᠨ ᠵᠢᠱᠢᠭᠳᠡᠭᠰᠡᠳ ᠨᠡᠯᠢᠶᠡᠳ ᠲᠥᠪᠯᠡᠷᠡᠩᠭᠦᠢ᠂ ᠤᠯᠠᠨ ᠤ ᠰᠠᠨᠠᠯ ᠨᠡᠯᠢᠶᠡᠳ ᠨᠢᠭᠡᠳᠦᠯᠲᠡᠢ ᠪᠠᠶᠢᠪᠠᠯ ᠭᠠᠷ ᠡᠷᠭᠦᠨ ᠪᠠᠲᠤᠯᠠᠬᠤ ᠠᠷᠭ᠎ᠠ ᠶᠢ ᠬᠡᠷᠡᠭᠯᠡᠵᠦ ᠪᠣᠯᠤᠨ᠎ᠠ︔ ᠬᠡᠷᠪᠡ ᠳᠤᠷᠠᠳᠤᠭᠳᠠᠭᠰᠠᠨ ᠵᠢᠱᠢᠭᠳᠡᠭᠰᠡᠳ ᠨᠡᠯᠢᠶᠡᠳ ᠤᠯᠠᠨ᠂ ᠵᠥᠷᠢᠯᠳᠦᠭᠡᠨ ᠨᠡᠯᠢᠶᠡᠳ ᠶᠡᠭᠡ ᠪᠥᠭᠡᠳ ᠲᠥᠪᠯᠡᠷᠡᠭᠦᠯᠬᠦ ᠳᠤ ᠪᠡᠷᠬᠡᠲᠡᠢ ᠪᠠᠶᠢᠪᠠᠯ᠂ ᠨᠡᠷ᠎ᠡ ᠪᠠᠨ ᠦᠯᠦ ᠪᠢᠴᠢᠬᠦ ᠨᠢᠭᠤᠴᠠ ᠰᠣᠩᠭᠤᠭᠤᠯᠢ ᠶᠢᠨ ᠠᠷᠭ᠎ᠠ ᠪᠠᠷ ᠪᠠᠲᠤᠯᠠᠵᠤ᠂ ᠣᠯᠤᠭᠰᠠᠨ ᠪᠢᠯᠧᠲ ᠤᠨ ᠬᠢᠨᠢ ᠤᠯᠠᠨ ᠴᠥᠭᠡᠨ ᠤ ᠲᠡᠰ ᠳᠠᠷᠠᠭᠠᠯᠠᠯ ᠢᠶᠠᠷ ᠰᠣᠩᠭᠤᠭᠳᠠᠭᠰᠠᠨ ᠢ ᠲᠣᠭᠲᠠᠭᠠᠵᠤ ᠪᠣᠯᠤᠨ᠎ᠠ᠃    ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠰᠣᠩᠭᠤᠭᠤᠯᠢ ᠶᠢᠨ ᠺᠣᠮᠢᠰ ᠤᠨ ᠡᠷᠬᠢᠯᠡᠭᠴᠢ ᠶᠢ ᠶᠠᠭᠠᠬᠢᠵᠦ ᠰᠤᠩᠭᠤᠵᠤ ᠭᠠᠷᠭᠠᠬᠤ ᠪᠤᠢ︖      ᠬᠠᠷᠢᠭᠤᠯᠲᠠ᠄ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ︵ᠠᠵᠢᠯᠯᠠᠬᠤ ᠬᠤᠷᠢᠶ᠎ᠠ︶ ᠬᠤᠷᠢᠶ᠎ᠠ ᠪᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠤᠷ᠎ᠠ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠰᠣᠩᠭᠤᠭᠤᠯᠢ ᠶᠢᠨ ᠺᠣᠮᠢᠰ ᠢ ᠰᠣᠩᠭᠤᠨ ᠭᠠᠷᠭᠠᠵᠤ᠂ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠬᠠᠤᠯᠢ ᠶᠣᠰᠣᠭᠠᠷ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠰᠣᠩᠭᠤᠭᠤᠯᠢ ᠶᠢᠨ ᠺᠣᠮᠢᠰ ᠤᠨ ᠡᠷᠬᠢᠯᠡᠭᠴᠢ ᠪᠠᠷ ᠰᠣᠩᠭᠤᠨ ᠭᠠᠷᠭᠠᠨ᠎ᠠ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠭᠠᠴᠠᠭ᠎ᠠ ᠲᠣᠰᠬᠤᠨ ︵ᠰᠠᠭᠤᠭᠠᠯᠢ︶ ᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠦᠷᠢᠰᠦᠯᠳᠦᠬᠦ ᠳᠤ᠂ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠰᠣᠩᠭᠤᠭᠤᠯᠢ ᠶᠢᠨ ᠺᠣᠮᠢᠰ ᠢ ᠵᠣᠬᠢᠶᠠᠨ ᠪᠠᠶᠢᠭᠤᠯᠬᠤ ᠳᠠᠭᠠᠨ ᠵᠣᠬᠢᠶᠠᠨ ᠪᠠᠶᠢᠭᠤᠯᠤᠯᠲᠠ ᠨᠢ ᠰᠠᠨᠠᠭ᠎ᠠ ᠠᠮᠤᠷ᠂ ᠣᠯᠠᠨ ᠲᠦᠮᠡᠨ ᠮᠡᠳᠡᠷᠡᠭᠰᠡᠨ ᠨᠠᠮ ᠤᠨ ᠭᠡᠰᠢᠭᠦᠨ ᠤ ᠭᠤᠣᠯᠯᠠᠭᠴᠢ ᠶᠢ ᠰᠠᠶᠢᠲᠤᠷ ᠲᠣᠬᠢᠷᠠᠭᠤᠯᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠭᠦᠯᠬᠦ ᠬᠡᠷᠡᠭᠲᠡᠶ᠃http://mongol.people.com.cn/15835802.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ