ᠸᠠᠩ ᠯᠢ ᠰᠢᠶᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠬᠡᠪᠰᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤ ᠰᠠᠶᠢᠨ ᠠᠳᠬᠤᠵᠤ ᠬᠢᠯᠪᠠᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠡᠷᠡᠰ ᠬᠠᠮᠠᠭᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/1/25
      ︵ᠰᠤᠷᠪᠤᠯᠵᠢᠯᠠᠭᠴᠢ ᠹᠧᠩ ᠶᠠᠨ ᠫᠢᠩ︶ 1 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠭᠠᠵᠠᠷ ᠨᠢ ᠪᠠᠶᠢᠴᠠᠭᠠᠨ ᠰᠤᠳᠤᠯᠵᠤ ᠵᠢᠯᠣᠭᠤᠳᠬᠤ ᠳᠠᠭᠠᠨ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠠᠭ ᠢᠮᠠᠭᠲᠠ ᠬᠥᠪᠴᠢᠯᠡᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠮᠢᠨᠴᠦᠭᠦᠷᠡᠬᠦ ᠦᠵᠡᠯ ᠰᠠᠨᠠᠭ᠎ᠠ᠂ ᠬᠠᠯᠠᠰᠢᠷᠠᠬᠤ ᠪᠣᠳᠣᠯ᠂ ᠭᠤᠷᠢᠳᠠᠬᠤ ᠪᠣᠳᠣᠯᠭ᠎ᠠ ᠶᠢ ᠡᠷᠡᠰ ᠲᠡᠪᠴᠢᠵᠦ᠂ ᠬᠡᠪᠰᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤ ᠰᠠᠶᠢᠨ ᠠᠳᠬᠤᠵᠤ ᠬᠢᠯᠪᠠᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠡᠷᠡᠰ ᠬᠠᠮᠠᠭᠠᠯᠠᠬᠤ ᠬᠡᠷᠡᠭᠲᠡᠢ ᠭᠡᠵᠡᠢ᠃      ᠬᠥᠬᠡᠬᠤᠲᠠ ᠶᠢᠨ ᠠᠶᠠᠨᠴᠢᠨ ᠤ ᠲᠡᠷᠭᠡᠨ ᠥᠷᠲᠡᠭᠡᠨ ᠳᠤ᠂ ᠸᠠᠩ ᠯᠢ ᠰᠢᠶᠠ ᠲᠡᠷᠭᠡ ᠬᠦᠯᠢᠶᠡᠬᠦ ᠲᠠᠩᠬᠢᠮ ᠳᠤ ᠣᠷᠣᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠤᠭᠰᠠᠨ ᠤ ᠬᠠᠮᠲᠤ ᠪᠠᠶᠢᠴᠠᠭᠠᠨ ᠦᠵᠡᠭᠰᠡᠨ ᠤ ᠳᠠᠷᠠᠭ᠎ᠠ ᠵᠢᠭᠠᠭᠰᠠᠨ ᠨᠢ᠂ ᠴᠠᠭᠠᠨ ᠰᠠᠷ᠎ᠠ ᠶᠢᠨ ᠣᠶᠢᠷᠠᠲᠤᠬᠤ ᠶᠢ ᠳᠠᠭᠠᠯᠳᠤᠨ᠂ ᠲᠡᠷᠭᠡᠨ ᠥᠷᠲᠡᠭᠡ ᠨᠢ ᠬᠥᠮᠥᠨ ᠤ ᠤᠷᠤᠰᠬᠠᠯ ᠶᠡᠭᠡ᠂ ᠣᠶᠢᠷᠠᠲᠤᠵᠤ ᠪᠥᠭᠡᠮᠨᠡᠷᠡᠭᠰᠡᠨ ᠣᠯᠠᠨ ᠨᠡᠶᠢᠲᠡ ᠶᠢᠨ ᠦᠢᠯᠡᠴᠢᠯᠡᠭᠡᠨ ᠤ ᠭᠠᠵᠠᠷ ᠪᠣᠯᠣᠭᠰᠠᠨ ᠤ ᠬᠤᠪᠢ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠳᠤ ᠵᠢᠭᠠᠬᠠᠨ ᠴᠦ ᠣᠰᠣᠯᠲᠣᠵᠤ ᠴᠠᠯᠠᠭᠠᠶᠢᠳᠠᠵᠤ ᠪᠣᠯᠬᠤ ᠦᠭᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠠᠶᠠᠨᠴᠢᠨ ᠤ ᠲᠡᠭᠡᠭᠡᠪᠦᠷᠢ ᠶᠢᠨ ᠠᠵᠤ ᠠᠬᠤᠶᠢᠯᠠᠯ ︽ᠭᠠᠳᠠᠨ᠎ᠠ ᠪᠠᠨ ᠣᠷᠣᠵᠤ ᠢᠷᠡᠬᠦ ᠶᠢ ᠰᠡᠷᠭᠡᠶᠢᠯᠡᠨ᠂ ᠳᠣᠲᠣᠷ᠎ᠠ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠨ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠤᠨ ᠰᠤᠷᠲᠠᠯᠴᠢᠯᠠᠬᠤ ᠡᠷᠴᠢᠮ ᠢᠶᠠᠨ ᠴᠢᠩᠭᠠᠳᠬᠠᠵᠤ᠂ ᠠᠶᠠᠨᠴᠢᠳ ᠪᠣᠯᠣᠨ ᠠᠵᠢᠯᠲᠠᠳ ᠤᠨ ᠥᠪᠡᠷ ᠤᠨ ᠠᠮᠤᠷ ᠲᠦᠪᠰᠢᠨ ᠢᠶᠠᠨ ᠬᠠᠮᠠᠭᠠᠯᠠᠬᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠡᠷᠭᠡ ᠣᠨᠤᠭ᠎ᠠ᠂ ᠬᠥᠮᠥᠨ ᠢ ᠰᠢᠭᠰᠢᠨ ᠪᠠᠶᠢᠴᠠᠭᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠪᠡᠶ᠎ᠡ ᠶᠢᠨ ᠭᠠᠷᠤᠯ ᠢ ᠬᠠᠷᠭᠤᠭᠤᠯᠬᠤ ᠵᠡᠷᠭᠡ ᠠᠵᠢᠯ ᠢ ᠰᠠᠶᠢᠨ ᠬᠢᠵᠦ᠂ ᠬᠥᠮᠥᠰ ᠤᠨ ᠬᠠᠮᠢᠭ᠎ᠠ ᠠᠴᠠ ᠢᠷᠡᠵᠦ ᠬᠠᠮᠢᠭ᠎ᠠ ᠬᠦᠷᠬᠦ ᠶᠢ ᠣᠨᠣᠪᠴᠢᠲᠠᠢ ᠡᠵᠡᠮᠰᠢᠨ᠂ ᠬᠢᠵᠢᠭ ᠤᠨ ᠪᠠᠶᠢᠳᠠᠯ ᠣᠷᠣᠵᠤ ᠢᠷᠡᠬᠦ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ᠂ ᠠᠶᠠᠨᠴᠢᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃      ᠲᠠᠰᠢᠷᠠᠮ ᠢᠶᠠᠷ ᠰᠣᠩᠭᠤᠨ ᠪᠠᠶᠢᠴᠠᠭᠠᠭᠰᠠᠨ ᠬᠤᠲᠤᠩ ᠠᠷᠠᠳ ᠤᠨ ᠲᠣᠭᠤᠷᠢᠭ ᠤᠨ ᠶᠢ ᠯᠢ ᠬᠤᠷᠢᠶᠠᠯᠠᠯ ᠳᠤ᠂ ᠸᠠᠩ ᠯᠢ ᠰᠢᠶᠠ ᠶᠠᠪᠤᠳᠠᠯ ᠳᠤᠮᠳᠠ ᠪᠠᠨ ᠣᠶᠢᠷ᠎ᠠ ᠬᠠᠪᠢ ᠶᠢᠨ ᠣᠯᠠᠨ ᠲᠦᠮᠡᠨ᠂ ᠳᠡᠯᠭᠡᠭᠦᠷ ᠤᠨ ᠡᠵᠡᠩᠨᠡᠭᠴᠢ ᠲᠠᠢ ᠳᠣᠲᠣᠨᠣ ᠶᠠᠷᠢᠯᠴᠠᠵᠤ᠂ ᠡᠵᠡᠩᠨᠡᠯᠲᠡ ᠶᠢᠨ ᠪᠠᠶᠢᠳᠠᠯ ᠢ ᠠᠰᠠᠭᠤᠨ ᠯᠠᠪᠯᠠᠵᠤ᠂ ᠣᠯᠠᠨ ᠢ ᠠᠮᠠᠪᠴᠢ ᠪᠠᠨ ᠵᠡᠭᠦᠵᠦ᠂ ᠭᠠᠷ ᠢᠶᠠᠨ ᠳᠠᠩᠳᠠ ᠣᠬᠢᠶᠠᠵᠤ᠂ ᠥᠪᠡᠷ ᠢ ᠪᠠᠨ ᠬᠠᠮᠠᠭᠠᠯᠠᠬᠤ ᠶᠢ ᠰᠠᠨᠠᠭᠤᠯᠵᠤ᠂ ᠬᠤᠶᠢᠨ᠎ᠠ ᠠᠴᠠ ᠬᠦᠷᠦᠯᠴᠡᠨ ᠢᠷᠡᠭᠰᠡᠨ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠢ ᠠᠳᠠᠯ ᠠᠬᠤᠢ ᠦᠭᠡᠢ ᠰᠠᠭᠤᠭᠠᠯᠢ ᠠᠷᠠᠳ ᠤᠨ ᠬᠤᠷᠢᠶᠠᠯᠠᠯ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠪᠠ ᠬᠦᠴᠢᠷ ᠪᠣᠯᠭᠠᠨ᠂ ᠬᠠᠮᠢᠶᠠᠷᠤᠨ ᠡᠵᠡᠮᠳᠡᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠯᠬᠦᠮᠳᠡᠨ ᠳᠠᠶᠢᠴᠢᠯᠠᠬᠤ ᠦᠢᠯᠡᠳᠦᠯ ᠪᠠ ᠲᠣᠣᠷᠴᠢᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠡᠳᠡᠭᠡ ᠵᠠᠩᠭᠢ ᠶᠢ ᠮᠥᠷᠳᠡᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠨ ᠬᠢᠵᠦ᠂ ᠭᠠᠳᠠᠨ᠎ᠠ ᠠᠴᠠ ᠢᠷᠡᠭᠰᠡᠨ ᠬᠥᠮᠥᠰ ᠢ ᠰᠢᠭᠰᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠯᠠᠢ ᠣᠷᠣᠨ ᠦᠯᠡᠳᠡᠭᠡᠵᠦ ᠪᠣᠯᠬᠤ ᠦᠭᠡᠢ ᠭᠡᠵᠦ ᠰᠠᠨᠠᠭᠤᠯᠵᠠᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠪᠰᠢᠭᠰᠡᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠨ ᠠᠳᠬᠤᠵᠤ᠂ ᠪᠠᠭᠤᠷᠠᠢ ᠭᠤᠭᠴᠤᠭ᠎ᠠ ᠪᠠ ᠥᠨᠳᠥᠷ ᠲᠦᠭᠰᠢᠭᠦᠷᠢ ᠶᠢᠨ ᠡᠯᠧᠮᠧᠨ᠋ᠲ ᠢ ᠠᠯᠳᠠᠯ ᠦᠭᠡᠢ ᠰᠠᠬᠢᠵᠤ᠂ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠡᠵᠡᠮᠳᠡᠵᠦ᠂ ᠣᠨᠣᠪᠴᠢᠲᠠᠢ ᠰᠡᠷᠭᠡᠶᠢᠯᠡᠨ ᠡᠵᠡᠮᠳᠡᠬᠦ ᠬᠡᠷᠡᠭᠲᠡᠢ᠃ ᠬᠤᠯᠪᠣᠭ᠎ᠠ ᠪᠠᠷᠢᠬᠤ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠤᠬᠢ ᠬᠤᠯᠪᠣᠭ᠎ᠠ ᠬᠠᠷᠢᠴᠠᠭ᠎ᠠ ᠶᠢ ᠵᠠᠪᠰᠠᠷ ᠦᠭᠡᠢ ᠵᠣᠯᠭᠠᠭᠤᠯᠵᠤ᠂ ᠡᠮ ᠤᠨ ᠳᠡᠯᠭᠡᠭᠦᠷ᠂ ᠡᠮᠴᠢᠯᠡᠭᠡ ᠶᠢᠨ ᠭᠠᠵᠠᠷ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠡᠶᠢᠭᠡᠮ ᠲᠣᠭᠤᠷᠢᠭ ᠤᠨ ᠡᠮᠴᠢᠯᠡᠭᠡ ᠶᠢᠨ ᠦᠢᠯᠡᠴᠢᠯᠡᠭᠡ ᠶᠢᠨ ᠲᠥᠪ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠢᠯ ᠢᠶᠠᠨ ᠦᠨᠡᠨᠬᠦ ᠯᠠᠪᠳᠠᠭᠤᠨ ᠪᠠᠲᠤᠲᠠᠢ ᠨᠠᠷᠢᠯᠢᠭ ᠰᠠᠶᠢᠨ ᠬᠢᠵᠦ᠂ ᠳᠤᠲᠠᠭᠤ ᠮᠡᠳᠡᠭᠦᠯᠬᠦ᠂ ᠳᠤᠲᠠᠭᠤ ᠬᠠᠮᠢᠶᠠᠷᠬᠤ ᠠᠴᠠ ᠡᠷᠡᠰ ᠵᠠᠶᠢᠯᠠᠰᠬᠢᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠦ᠋ ᠸᠧᠨ ᠮᠢᠩ᠂ ᠰᠢᠦᠢ ᠷᠦᠢ ᠰᠢᠶᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号