ᠰᠢᠨ᠎ᠡ ᠬᠤᠲᠠ ᠲᠣᠭᠤᠷᠢᠭ ᠵᠠᠭᠠᠯᠳᠤᠯᠭ᠎ᠠ ᠶᠢ ᠬᠦᠯᠢᠶᠡᠭᠰᠡᠨ ᠳᠠᠷᠤᠢ ᠭᠦᠢᠴᠡᠳᠬᠡᠬᠦ ᠠᠵᠢᠯ ᠤᠨ ᠦᠨᠡᠯᠡᠯᠲᠡ ᠬᠢᠬᠦ ᠬᠤᠷᠠᠯ ᠵᠢᠴᠢ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/26
     1 ᠳ᠋ᠦ᠋ᠭᠡᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠵᠠᠭᠠᠯᠳᠤᠯᠭ᠎ᠠ ᠶᠢ ᠬᠦᠯᠢᠶᠡᠭᠰᠡᠨ ᠳᠠᠷᠤᠢ ᠭᠦᠢᠴᠡᠳᠬᠡᠬᠦ ᠠᠵᠢᠯ ᠤᠨ ᠦᠨᠡᠯᠡᠯᠲᠡ ᠬᠢᠬᠦ ᠬᠤᠷᠠᠯ ᠵᠢᠴᠢ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠧᠶ ᠬᠤᠩ ᠵᠢᠶᠦ᠋ᠨ ᠬᠤᠷᠠᠯ ᠢ ᠡᠷᠭᠢᠯᠡᠪᠡ᠃        ᠬᠤᠷᠠᠯ ᠠᠴᠠ ᠪᠥᠬᠦ ᠲᠤᠭᠤᠷᠢᠭ ᠤᠨ ᠡᠯ᠎ᠡ ᠭᠠᠵᠠᠷ ᠣᠷᠣᠨ ᠡᠯ᠎ᠡ ᠨᠢᠭᠡᠴᠡ ᠶᠢᠨ ᠵᠠᠭᠠᠯᠳᠤᠯᠭ᠎ᠠ ᠶᠢ ᠬᠦᠯᠢᠶᠡᠭᠰᠡᠨ ᠳᠠᠷᠤᠢ ᠭᠦᠢᠴᠡᠳᠬᠡᠬᠦ ᠠᠵᠢᠯ ᠢ ᠭᠦᠢᠴᠡᠳᠭᠡᠭᠰᠡᠨ ᠪᠠᠶᠢᠳᠠᠯ ᠪᠠ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠮᠡᠳᠡᠭᠳᠡᠵᠦ᠂ ᠬᠠᠮᠢᠶ᠎ᠠ ᠪᠥᠬᠦᠶ ᠭᠠᠵᠠᠷ ᠣᠷᠣᠨ ᠪᠠ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠲᠥᠯᠥᠭᠡᠯᠡᠭᠴᠢᠳ ᠤᠨ ᠣᠪᠣᠷ ᠢᠶᠠᠨ ᠢᠯᠡᠳᠬᠡᠬᠦ ᠶᠠᠷᠢᠶ᠎ᠠ ᠶᠢ ᠰᠣᠨᠣᠰᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠲᠤᠭᠤᠷᠢᠭ ᠤᠨ ᠡᠯ᠎ᠡ ᠭᠠᠵᠠᠷ ᠣᠷᠣᠨ ᠡᠯ᠎ᠡ ᠨᠢᠭᠡᠴᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠣᠶᠢᠯᠠᠭᠠᠭᠳᠠᠬᠤᠨ ᠪᠠ ᠠᠷᠭ᠎ᠠ ᠬᠡᠯᠪᠡᠷᠢ ᠪᠠᠨ ᠬᠤᠪᠢᠷᠠᠭᠤᠯᠵᠤ᠂ ︽ᠵᠠᠭᠠᠯᠳᠤᠯᠭ᠎ᠠ ᠶᠢ ᠬᠦᠯᠢᠶᠡᠭᠰᠡᠨ ᠳᠠᠷᠤᠢ ᠭᠦᠢᠴᠡᠳᠬᠡᠬᠦ︾ ᠠᠵᠢᠯ ᠪᠠ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠣᠶᠢᠯ ᠳᠡᠭᠡᠨ ᠣᠷᠣᠭᠤᠯᠵᠤ᠂ ︽ᠨᠠᠳᠠ ᠪᠠᠷ ᠭᠦᠢᠴᠡᠳᠭᠡᠬᠦ︾ ᠶᠢ ︽ᠪᠢ ᠭᠦᠢᠴᠡᠳᠭᠡᠬᠦ︾ ᠪᠣᠯᠭᠠᠨ ᠬᠤᠪᠢᠷᠠᠭᠤᠯᠵᠤ᠂ ︽ᠪᠢ ᠶᠠᠭᠠᠬᠢᠪᠠᠯ ᠵᠣᠬᠢᠬᠤ︾ ᠶᠢ ︽ᠠᠷᠠᠳ ᠲᠦᠮᠡᠨ ᠪᠢᠳᠡ ᠶᠠᠭᠠᠬᠢᠪᠠᠯ ᠵᠣᠬᠢᠬᠤ ᠶᠢ ᠬᠦᠰᠡᠬᠦ︾ ᠪᠣᠯᠭᠠᠨ ᠬᠤᠪᠢᠷᠠᠭᠤᠯᠵᠤ᠂ ᠶᠠᠪᠤᠳᠠᠯ ᠪᠦᠬᠦᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠬᠢᠵᠦ᠂ ᠬᠤᠲᠠ ᠶᠢᠨ ᠠᠷᠠᠳ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠬᠥᠮᠦᠨ ᠲᠠᠢ᠂ ᠳᠠᠷᠦ᠋ᠢᠬᠠᠨ ᠭᠦᠢᠴᠡᠳᠭᠡᠬᠦ᠂ ᠰᠠᠶᠢᠲᠤᠷ ᠬᠢᠬᠦ ᠶᠢ ᠦᠨᠡᠨ ᠬᠦ ᠪᠠᠲᠤᠯᠠᠵᠤ᠂ ᠡᠨᠡ ᠬᠦ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠲᠣᠮᠣ ᠶᠠᠪᠤᠳᠠᠯ ᠪᠠ ᠪᠣᠳᠠᠲᠤ ᠶᠠᠪᠤᠳᠠᠯ ᠢ  ᠰᠠᠶᠢᠲᠤᠷ ᠠᠳᠬᠤᠵᠤ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠦᠨᠡᠨ ᠬᠦ ᠪᠡᠶ᠎ᠡ ᠪᠠᠨ ᠪᠥᠬᠦᠶᠢᠵᠦ ᠤᠯᠠᠨ ᠲᠦᠮᠡᠨ ᠲᠠᠢ ᠰᠣᠯᠢᠯᠴᠠᠵᠤ᠂ ᠰᠢᠭᠤᠳ ᠲᠤᠬᠠᠢ ᠶᠢᠨ ᠲᠠᠯᠠᠪᠠᠢ ᠳᠤ ᠬᠦᠷᠴᠦ᠂ ᠠᠰᠠᠭᠤᠳᠠᠯ ᠳᠤ ᠰᠢᠭᠤᠳ ᠬᠠᠨᠳᠤᠵᠤ᠂ ᠬᠦᠴᠢᠷ ᠢ ᠰᠦᠷᠦᠨ ᠤᠷᠤᠭᠰᠢᠯᠠᠵᠤ᠂ ᠤᠯᠠᠨ ᠲᠦᠮᠡᠨ ᠤ ᠲᠣᠭᠤᠷᠢᠨ ᠳᠤ ᠡᠷᠭᠢᠯᠳᠦᠵᠦ᠂ ᠡᠮᠦᠨ᠎ᠡ ᠹᠷᠣᠨᠲ ᠲᠤ ᠭᠦᠨᠵᠡᠭᠡᠶᠢᠷᠡᠨ ᠠᠵᠢᠯᠯᠠᠵᠤ᠂ ᠨᠡᠩ ᠤᠯᠠᠨ ᠤᠶᠤᠨ ᠴᠢᠳᠠᠯ ᠢᠶᠠᠨ ᠲᠣᠭᠲᠠᠭᠰᠠᠨ ᠴᠠᠭ ᠤᠨ ᠳᠣᠲᠣᠷ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠠᠯᠪᠢᠵᠤ᠂ ᠬᠡᠷᠡᠭ ᠨᠢᠭᠡᠪᠦᠷᠢ ᠶᠢ ᠬᠡᠷᠬᠢᠨ ᠨᠡᠩ ᠰᠠᠶᠢᠲᠤᠷ ᠰᠢᠢᠳᠪᠦᠷᠢᠯᠡᠬᠦ ᠵᠢᠴᠢ ᠤᠯᠠᠨ ᠲᠦᠮᠡᠨ ᠤ ᠲᠠᠭᠠᠰᠢᠶᠠᠯ ᠢ ᠣᠯᠬᠤ ᠪᠣᠳᠠᠲᠤ ᠦᠷ᠎ᠡ ᠪᠦᠲᠦᠮᠵᠢ ᠳᠡᠭᠡᠷ᠎ᠡ ᠲᠠᠯᠪᠢᠬᠤ ᠬᠡᠷᠡᠭᠲᠡᠢ᠃ ᠲᠠᠪᠴᠠᠩ ᠤᠨ ᠤᠶᠤᠨᠴᠢᠯᠠᠭᠰᠠᠨ ᠳᠠᠪᠠᠭᠤᠯᠢᠭ ᠢ ᠪᠠᠳᠠᠷᠠᠭᠤᠯᠬᠤ ᠶᠢ ᠴᠢᠬᠤᠯᠠᠴᠢᠯᠠᠵᠤ᠂ ᠭᠤᠮᠣᠳᠠᠯ ᠲᠣᠭᠠᠴᠢᠯᠲᠠ ᠶᠢ ᠰᠢᠢᠳᠪᠦᠷᠢᠯᠡᠬᠦ ᠬᠠᠷᠢᠭᠤ ᠰᠤᠷᠪᠤᠯᠵᠢᠯᠠᠬᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠰᠠᠭᠤᠳᠠᠯ ᠢ ᠰᠢᠢᠳᠪᠦᠷᠢᠯᠡᠬᠦ ᠰᠢᠨ᠎ᠡ ᠰᠡᠳᠬᠢᠮᠵᠢ᠂ ᠰᠢᠨ᠎ᠡ ᠠᠷᠭ᠎ᠠ ᠶᠢ ᠵᠣᠷᠢᠭᠲᠠᠢ ᠪᠠᠷ ᠳᠤᠷᠠᠳᠤᠨ ᠭᠠᠷᠭᠠᠵᠤ᠂ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠵᠤ᠂ ᠣᠨᠴᠠᠭᠠᠢ ᠬᠡᠷᠡᠭ ᠢ ᠰᠢᠢᠳᠪᠦᠷᠢᠯᠡᠬᠦ ᠠᠴᠠ ᠭᠠᠷᠳᠠᠨ᠂ ᠨᠡᠶᠢᠲᠡᠯᠢᠭ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠲᠡᠶᠢᠰᠢ ᠠᠯᠬᠤᠮ ᠠᠯᠬᠤᠮ ᠢᠶᠠᠷ ᠠᠬᠢᠭᠤᠯᠵᠤ᠂ ︽ᠵᠠᠭᠠᠯᠳᠤᠯᠭ᠎ᠠ ᠶᠢ ᠬᠦᠯᠢᠶᠡᠭᠰᠡᠨ ᠳᠠᠷᠤᠢ ᠭᠦᠢᠴᠡᠳᠬᠡᠬᠦ︾ ᠶᠢ ︽ᠵᠠᠭᠠᠯᠳᠤᠬᠤ ᠠᠴᠠ ᠡᠮᠦᠨ᠎ᠡ ᠤᠷᠢᠳ ᠢᠶᠠᠷ ᠰᠢᠢᠳᠪᠦᠷᠢᠯᠡᠬᠦ︾ ᠲᠡᠶᠢᠰᠢ ᠤᠷᠲᠤᠳᠬᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃       ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠤᠤᠯ ᠬᠠᠷᠢᠭᠤᠴᠠᠯᠭᠠᠲᠠᠨ ᠨᠥᠬᠦᠳ᠂ ᠡᠯ᠎ᠡ ᠳᠡᠳ᠋ ᠲᠤᠭᠤᠷᠢᠭ ᠤᠨ ᠳᠠᠷᠤᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠵᠡᠭᠦᠨ ᠵᠡᠭᠡᠯᠢ ᠶᠢᠨ ᠵᠡᠭᠡᠯᠢ ᠭᠤᠳᠤᠮᠵᠢ᠂ ᠳ᠋ᠦᠩ ᠹᠧᠩ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠭᠤᠤᠯ ᠬᠠᠷᠢᠭᠤᠴᠠᠯᠭᠠᠲᠠᠨ ᠨᠥᠬᠦᠳ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号