ᠾᠧ ᠬᠠᠢ ᠳ᠋ᠦᠩ ᠣᠷᠣᠯᠴᠠᠪᠠ | ︵ᠰᠤᠷᠪᠤᠯᠵᠢᠯᠠᠭᠴᠢ ᠯᠢᠶᠠᠩ ᠵᠢᠩ ᠱᠤ᠋︶ 1 ᠳ᠋ᠦ᠋ᠭᠡᠷ ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ | ᠨᠠᠷ ᠬᠥᠬᠡᠬᠤᠲᠠ ᠶᠢᠨ ᠣᠶᠤᠨᠲᠤ ᠬᠤᠲᠠ ᠶᠢᠨ ᠵᠢᠯᠣᠭᠤᠳᠬᠤ ᠲᠥᠪ ᠲᠤ ᠬᠦᠷᠴᠦ ᠬᠥᠬᠡᠬᠤᠲᠠ ᠶᠢᠨ ᠶᠡᠭᠡ | ᠲᠠᠷᠢᠬᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ | ᠵᠢᠯᠣᠭᠤᠳᠬᠤ ᠲᠥᠪ ᠲᠤ᠂ ᠾᠧ ᠬᠠᠢ ᠳ᠋ᠦᠩ ᠨᠠᠷ ᠤᠬᠠᠭᠤᠯᠭ᠎ᠠ ᠶᠢᠨ ᠹᠢᠯᠢᠮ ᠢ ᠦᠵᠡᠵᠦ᠂ ︽ᠬᠤᠲᠠ ᠶᠢᠨ | ᠶᠡᠭᠡ ᠲᠠᠷᠢᠬᠢ︾ ᠶᠢᠨ ᠪᠦᠲᠦᠭᠡᠨ ᠪᠠᠶᠢᠭᠤᠯᠤᠯᠲᠠ ᠶᠢᠨ ᠱᠠᠲᠤ ᠦᠶ᠎ᠡ ᠶᠢᠨ ᠴᠢᠨᠠᠷᠲᠠᠢ ᠠᠬᠢᠴᠠ ᠶᠢᠨ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ ᠾᠧ ᠬᠠᠢ ᠳ᠋ᠦᠩ ᠵᠢᠭᠠᠬᠤ ᠳᠠᠭᠠᠨ᠂ ᠬᠥᠬᠡᠬᠤᠲᠠ ᠶᠢᠨ ᠶᠡᠭᠡ | ᠲᠠᠷᠢᠬᠢ ᠶᠢᠨ ᠪᠦᠲᠦᠭᠡᠨ ᠪᠠᠶᠢᠭᠤᠯᠤᠯᠲᠠ ᠪᠣᠯ ᠬᠤᠲᠠ ᠵᠢᠨᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠣᠨ᠎ᠠ᠂ ᠮᠥᠨᠴᠦ ᠠᠷᠠᠳ ᠲᠤ | ᠠᠰᠢᠭ ᠲᠤᠰᠠ ᠬᠦᠷᠭᠡᠵᠦ ᠬᠤᠲᠠ ᠶᠢᠨ ᠠᠷᠠᠳ ᠤᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠴᠢᠬᠤᠯᠠ ᠠᠷᠭ᠎ᠠ | ᠵᠠᠮ ᠮᠥᠨ᠃ ᠦᠵᠢ ᠲᠥᠯᠥᠪᠵᠢᠭᠦᠯᠭᠡ ᠶᠢ ᠴᠢᠩᠭᠠᠳᠬᠠᠨ᠂ ᠮᠡᠳᠡᠭᠡ ᠵᠠᠩᠭᠢ ᠶᠢᠨ ᠰᠢᠰᠲ᠋ᠧᠮ ᠢ ᠨᠢᠭᠡᠳᠦᠭᠦᠯᠬᠦ ᠶᠢ | ᠠᠬᠢᠭᠤᠯᠤᠨ᠂ ︽ᠶᠠᠭᠤ ᠬᠢᠬᠦ᠂ ᠶᠠᠭᠤ ᠬᠢᠵᠦ ᠳᠡᠶᠢᠯᠬᠦ᠂ ᠶᠠᠭᠠᠬᠢᠵᠤ ᠬᠢᠬᠦ︾ ᠶᠢ ᠡᠮᠬᠢᠯᠡᠵᠦ᠂ ᠲᠣᠭᠲᠠᠴᠠ ᠪᠠᠨ | ᠤᠯᠠᠮ ᠨᠢᠭᠡ ᠠᠯᠬᠤᠮ ᠲᠡᠭᠦᠯᠳᠡᠷᠵᠢᠭᠦᠯᠦᠨ ᠳᠦᠷᠢᠮ ᠲᠣᠭᠲᠠᠭᠠᠯ ᠪᠣᠯᠭᠠᠵᠤ᠂ ᠲᠤᠭ᠎ᠠ ᠪᠠᠷᠢᠮᠲᠠ ᠶᠢᠨ ᠠᠶᠤᠯᠭᠦᠢ ᠶᠢᠨ | ᠪᠠᠲᠤᠯᠠᠭ᠎ᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢ ᠬᠠᠤᠯᠢ ᠲᠣᠭᠲᠠᠭᠠᠯ ᠶᠣᠰᠣᠭᠠᠷ ᠬᠡᠷᠡᠭᠯᠡᠬᠦ ᠬᠡᠷᠡᠭᠲᠡᠢ᠃ | ᠠᠷᠠᠳ ᠲᠤ ᠠᠰᠢᠭ ᠲᠤᠰᠠ ᠬᠦᠷᠭᠡᠬᠦ ᠡᠭᠦᠳᠡᠨ ᠠᠴᠠ᠂ ᠨᠡᠶᠢᠭᠡᠮ ᠪᠠ ᠠᠷᠠᠳ ᠤᠨ ᠠᠮᠢᠳᠤᠷᠠᠯ ᠤᠨ ᠬᠦᠷᠢᠶᠡᠨ ᠳᠤ | ᠥᠷᠭᠡᠳᠬᠡᠵᠦ ᠬᠡᠷᠡᠭᠯᠡᠨ ᠦᠷ᠎ᠡ ᠪᠦᠲᠦᠮᠵᠢ ᠭᠠᠷᠭᠠᠵᠤ᠂ ᠬᠤᠲᠠ ᠶᠢᠨ ᠵᠠᠰᠠᠯᠲᠠ ᠶᠢᠨ ᠬᠦᠴᠢᠷᠳᠡᠯ ᠪᠠ ᠣᠯᠠᠨ | ᠲᠦᠮᠡᠨ ᠤ ᠰᠠᠨᠠᠭ᠎ᠠ ᠶᠢ ᠵᠣᠪᠠᠭᠠᠭᠰᠠᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠡᠭᠡᠯ ᠲᠦᠮᠡᠨ ᠳᠤ ᠠᠰᠢᠭ ᠲᠤᠰᠠ | ᠪᠠ ᠳᠥᠭᠦᠮ ᠳᠥᠲᠡ ᠶᠢ ᠭᠦᠢᠴᠡᠳ ᠮᠡᠳᠡᠷᠡᠭᠦᠯᠦᠨ᠂ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠢ | ᠨᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠾᠧ ᠬᠠᠢ ᠳ᠋ᠦᠩ ᠴᠢᠬᠤᠯᠠᠴᠢᠯᠠᠬᠤ ᠳᠠᠭᠠᠨ᠂ ︽ᠬᠤᠲᠠ ᠶᠢᠨ ᠶᠡᠭᠡ ᠲᠠᠷᠢᠬᠢ︾ ᠶᠢᠨ ᠵᠠᠩᠭᠢᠯᠠᠭ᠎ᠠ ᠨᠢ | ᠬᠡᠷᠡᠭᠯᠡᠬᠦ ᠳᠤ ᠪᠠᠶᠢᠨ᠎ᠠ᠂ ᠢᠯᠠᠩᠭᠤᠶ᠎ᠠ ᠦᠨᠳᠦᠰᠦᠨ ᠱᠠᠲᠤᠨ ᠤ ᠵᠠᠰᠠᠯᠲᠠ ᠶᠢᠨ ᠶᠠᠪᠤᠴᠠ ᠳᠤ᠂ ᠤᠯᠠᠮᠵᠢᠯᠠᠯᠲᠤ ᠠᠷᠭ᠎ᠠ | ᠬᠡᠮᠵᠢᠶ᠎ᠡ᠂ ᠠᠷᠭ᠎ᠠ ᠪᠠᠷᠢᠯ ᠢᠶᠠᠷ ᠴᠢᠨᠠᠷᠲᠠᠢ ᠵᠠᠰᠠᠵᠤ ᠳᠡᠶᠢᠯᠬᠦ ᠦᠭᠡᠢ ᠬᠦᠴᠢᠷ ᠠᠰᠠᠭᠤᠳᠠᠯ ᠢ ᠡᠮᠬᠢᠯᠡᠨ ᠰᠢᠢᠳᠪᠦᠷᠢᠯᠡᠬᠦ | ᠬᠡᠷᠡᠭᠲᠡᠢ︔ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠶᠠᠪᠤᠴᠠ ᠳᠠᠭᠠᠨ ᠰᠢᠨ᠎ᠡ ᠬᠡᠷᠡᠭᠴᠡᠭᠡ ᠶᠢ ᠲᠠᠰᠤᠷᠠᠯᠲᠠ | ᠦᠭᠡᠢ ᠢᠯᠡᠷᠡᠭᠦᠯᠵᠦ᠂ ᠡᠯ᠎ᠡ ᠬᠦᠷᠢᠶ᠎ᠡ ᠴᠠᠷᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ | ᠬᠤᠲᠠ ᠶᠢᠨ ᠶᠡᠭᠡ ᠲᠠᠷᠢᠬᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠡᠢ᠃ |