ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠮᠦᠽᠧᠢ ᠳᠥᠷᠪᠡᠳᠦᠭᠡᠷ ᠪᠦᠯᠦᠭ ᠬᠥᠬᠡᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠤᠨ ᠰᠠᠭᠤᠷᠢᠨ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2021/1/26
      ︵ᠰᠤᠷᠪᠤᠯᠵᠢᠯᠠᠭᠴᠢ ᠮᠢᠶᠥᠥ ᠴᠢᠩ︶ ᠣᠶᠢᠷ᠎ᠠ ᠳᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠮᠦᠽᠧᠢ ᠳᠥᠷᠪᠡᠳᠦᠭᠡᠷ ᠪᠦᠯᠦᠭ ︽ᠬᠥᠬᠡᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠤᠨ ᠰᠠᠭᠤᠷᠢᠨ︾ ᠢᠶᠠᠷ ᠦᠨᠡᠯᠡᠭᠳᠡᠪᠡ᠃      ᠣᠶᠢᠯᠭᠠᠭᠰᠠᠨ ᠢᠶᠠᠷ᠂ ᠲᠤᠰ ᠮᠦᠽᠧᠢ ᠨᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠤᠶᠢᠲᠤ ᠲᠣᠭᠤᠷᠢᠭ ᠲᠤ ᠪᠠᠶᠢᠷᠢᠯᠠᠵᠤ᠂ 2004 ᠣᠨ ᠤ 8 ᠳ᠋ᠤᠭᠠᠷ ᠰᠠᠷ᠎ᠠ ᠳᠤ ᠪᠠᠶᠢᠭᠤᠯᠤᠭᠳᠠᠨ ᠲᠥᠯᠥᠪᠦᠷᠢ ᠬᠤᠷᠢᠶᠠᠬᠤ ᠦᠭᠡᠢ ᠪᠠᠷ ᠨᠡᠭᠡᠭᠡᠯᠲᠡ ᠬᠢᠵᠡᠢ᠃ ᠲᠡᠷᠡ ᠨᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽211 ᠢᠨᠵᠧᠨᠧᠷᠢᠩ︾ ︽ᠳᠤᠮᠳᠠ ᠪᠠᠷᠠᠭᠤᠨ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠲᠥᠯᠥᠪᠯᠡᠭᠡ︾ ᠵᠢᠴᠢ ︽ ︿ᠬᠤᠣᠰ ᠲᠡᠷᠢᠭᠦᠨ﹀ ᠤ ᠪᠦᠲᠦᠭᠡᠨ ᠪᠠᠶᠢᠭᠤᠯᠤᠯᠲᠠ︾ ᠶᠢᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠨᠢᠭᠡᠴᠡ᠂ ᠮᠥᠨᠴᠦ ︽ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠮᠦᠽᠧᠢ ᠶᠢᠨ ᠬᠥᠮᠥᠵᠢᠯ ᠤᠨ ᠬᠤᠯᠪᠣᠭ᠎ᠠ︾ ᠶᠢᠨ ᠭᠡᠰᠢᠭᠦᠨ ᠨᠢᠭᠡᠴᠡ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ︽ᠤᠯᠤᠰ ᠢᠶᠠᠨ ᠬᠠᠶᠢᠷᠠᠯᠠᠬᠤ ᠬᠥᠮᠥᠵᠢᠯ ᠤᠨ ᠵᠢᠱᠢᠶ᠎ᠡ ᠦᠵᠡᠭᠦᠯᠬᠦ ᠰᠠᠭᠤᠷᠢᠨ︾ ᠪᠣᠯᠣᠨ᠎ᠠ᠃      ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠮᠦᠽᠧᠢ ᠨᠢ ᠮᠣᠩᠭᠤᠯ ᠦᠨᠳᠦᠰᠦᠲᠡᠨ ᠤ ᠰᠢᠯᠢᠳᠡᠭ ᠪᠣᠳᠠᠰ ᠤᠨ ᠰᠣᠶᠣᠯ ᠤᠨ ᠥᠪ ᠢ ᠬᠠᠳᠠᠭᠠᠯᠠᠵᠤ ᠬᠠᠮᠠᠭᠠᠯᠠᠵᠤ ᠳᠡᠯᠭᠡᠨ ᠦᠵᠡᠭᠦᠯᠵᠦ᠂ ᠰᠤᠷᠭᠠᠭᠤᠯᠢ ᠶᠢᠨ ᠵᠢᠭᠠᠨ ᠰᠤᠷᠭᠠᠯᠲᠠ ᠪᠠ ᠰᠤᠳᠤᠯᠭᠠᠨ ᠳᠤ ᠦᠢᠯᠡᠴᠢᠯᠡᠬᠦ ᠪᠠᠷ ᠵᠣᠷᠢᠯᠭ᠎ᠠ ᠪᠣᠯᠭᠠᠨ᠂ ᠮᠣᠩᠭᠤᠯ ᠦᠨᠳᠦᠰᠦᠲᠡᠨ ᠤ ᠵᠠᠩ ᠦᠢᠯᠡ ᠶᠢ ᠬᠠᠷᠠᠭᠤᠯᠤᠭᠰᠠᠨ ᠪᠣᠳᠠᠲᠤ ᠶᠠᠭᠤᠮ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠬᠠᠳᠠᠭᠠᠯᠠᠨ ᠳᠡᠯᠭᠡᠨ ᠦᠵᠡᠭᠦᠯᠬᠦ ᠪᠠᠷ ᠣᠨᠴᠠᠯᠢᠭ ᠪᠣᠯᠭᠠᠵᠠᠢ᠃ ᠣᠳᠣᠬᠠᠨ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯ 6000 ᠭᠠᠷᠤᠢ᠂ ᠳᠡᠯᠭᠡᠨ ᠦᠵᠡᠭᠦᠯᠬᠦ ᠠᠭᠤᠯᠭ᠎ᠠ ᠳᠤ ᠮᠣᠩᠭᠤᠯ ᠦᠨᠳᠦᠰᠦᠲᠡᠨ ᠤ ᠠᠵᠤ ᠠᠬᠤᠢ᠂ ᠦᠢᠯᠡᠳᠪᠦᠷᠢᠯᠡᠯ᠂ ᠠᠮᠢᠳᠤᠷᠠᠯ᠂ ᠰᠣᠶᠣᠯ ᠢᠷᠭᠡᠨᠰᠢᠯ᠂ ᠤᠷᠠᠯᠢᠭ ᠵᠡᠷᠭᠡ ᠣᠯᠠᠨ ᠲᠠᠯ᠎ᠠ ᠶᠢ ᠪᠠᠭᠲᠠᠭᠠᠵᠤ᠂ ᠨᠡᠯᠢᠶᠡᠳ ᠥᠨᠳᠥᠷ ᠰᠢᠨᠵᠢᠯᠡᠭᠡ ᠰᠤᠳᠤᠯᠭ᠎ᠠ᠂ ᠵᠢᠭᠠᠨ ᠰᠤᠷᠭᠠᠯᠲᠠ ᠵᠢᠴᠢ ᠤᠷᠠᠯᠢᠭ ᠤᠨ ᠲᠠᠭᠠᠰᠢᠶᠠᠨ ᠰᠣᠨᠢᠷᠬᠠᠬᠤ ᠦᠨ᠎ᠡ ᠥᠷᠲᠡᠭ ᠲᠠᠢ ᠪᠠᠶᠢᠵᠤ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠪᠣᠳᠠᠰ ᠤᠨ ᠰᠣᠶᠣᠯ ᠤᠨ ᠥᠪ ᠢ ᠳᠡᠯᠭᠡᠨ ᠦᠵᠡᠭᠦᠯᠬᠦ᠂ ᠬᠠᠮᠠᠭᠠᠯᠠᠬᠤ ᠪᠠ ᠤᠯᠠᠮᠵᠢᠯᠠᠬᠤ ᠳᠤ ᠢᠳᠡᠪᠬᠢ ᠦᠢᠯᠡᠳᠦᠯ ᠲᠠᠢ ᠶᠤᠮ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号