2020 ᠣᠨ ᠤ 12 ᠰᠠᠷ᠎ᠠ ᠶᠢᠨ 29 ᠤ ᠡᠳᠦᠷ᠂ ᠰᠤᠷᠭᠠᠨ ᠬᠥᠮᠦᠵᠢᠯ ᠤᠨ ᠶᠠᠮᠤᠨ ︽ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠲᠦᠷᠢᠮ ︵ᠲᠤᠷᠰᠢᠨ ᠬᠡᠷᠡᠭᠵᠢᠭᠦᠯᠬᠦ︶︾ ︵ | ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠨᠡᠶᠢᠳᠡᠯᠡᠵᠦ᠂ ᠰᠤᠷᠭᠠᠨ ᠬᠥᠮᠦᠵᠢᠯ ᠤᠨ ᠵᠠᠯᠬᠠᠭᠠᠨ | ᠴᠡᠭᠡᠷᠯᠡᠭᠦᠯᠬᠦ ᠠᠵᠢᠯ ᠢ ᠬᠠᠤᠯᠢ ᠪᠠᠷ ᠵᠠᠰᠠᠬᠤ ᠵᠠᠮ ᠳᠤ ᠤᠷᠤᠭᠤᠯᠪᠠ᠃ | ︽ᠲᠦᠷᠢᠮ︾ ᠳᠤ ᠠᠩᠬ᠎ᠠ ᠤᠳᠠᠭ᠎ᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠤᠨ ᠬᠡᠯᠪᠡᠷᠢ ᠪᠠᠷ | ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠪᠠᠷᠢᠮᠵᠢᠶ᠎ᠠ ᠶᠢᠨ ᠰᠢᠨᠵᠢ ᠴᠢᠨᠠᠷ᠂ ᠬᠡᠷᠡᠭᠯᠡᠬᠦ ᠬᠡᠪᠴᠢᠶ᠎ᠡ ᠵᠢᠴᠢ | ᠬᠡᠷᠡᠭᠵᠢᠭᠦᠯᠬᠦ ᠲᠦᠷᠢᠮ᠂ ᠵᠢᠷᠤᠮ᠂ ᠠᠷᠭ᠎ᠠ ᠬᠡᠮᠵᠢᠶ᠎ᠡ᠂ ᠱᠠᠭᠠᠷᠳᠠᠯᠭ᠎ᠠ ᠵᠡᠷᠭᠡ ᠶᠢ ᠰᠢᠰᠲ᠋ᠧᠮ ᠲᠠᠢ ᠲᠣᠭᠲᠠᠭᠠᠭᠰᠠᠨ | ᠪᠥᠭᠡᠳ ᠡᠨᠡ ᠵᠢᠯ ᠤᠨ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠠᠶᠢᠨ᠎ᠠ᠃ | ᠤᠢᠢᠷ᠎ᠠ ᠶᠢᠨ ᠵᠢᠯ ᠤᠳ ᠲᠤ᠂ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠶᠠᠪᠤᠳᠠᠯ ᠠᠴᠠ ᠪᠤᠯᠵᠤ | ᠡᠭᠦᠰᠦᠭᠰᠡᠨ ᠨᠡᠶᠢᠭᠡᠮ ᠤᠨ ᠬᠡᠷᠡᠭ ᠤᠨ ᠲᠤᠬᠠᠢ ᠡᠯ᠎ᠡ ᠡᠲᠡᠭᠡᠳ ᠤᠨ ᠬᠢᠨ ᠪᠠᠶᠢᠨ ᠲᠠᠬᠢᠨ ᠮᠠᠷᠭᠤᠭᠠᠨ ᠪᠤᠯᠵᠤ ᠪᠠᠶᠢᠨ᠎ᠠ | ᠃ ᠨᠢᠭᠡ ᠲᠠᠯ᠎ᠠ ᠪᠠᠷ᠂ ᠵᠠᠷᠢᠮ ᠰᠣᠷᠣᠭᠴᠢ ᠬᠡᠲᠦᠷᠬᠡᠶ ᠵᠠᠯᠬᠠᠭᠠᠨ ᠴᠡᠭᠡᠷᠯᠡᠭᠦᠯᠦᠭᠰᠡᠨ ᠠᠴᠠ ᠪᠣᠯᠵᠣ ᠰᠡᠳᠬᠢᠴᠡ ᠶᠢᠨ | ᠬᠢᠮᠤᠷᠠᠯ ᠲᠠᠢ ᠪᠤᠯᠵᠦ ᠪᠠᠶᠢᠬᠤ︔ ᠨᠥᠭᠦᠭᠡ ᠲᠠᠯ᠎ᠠ ᠪᠠᠷ ᠵᠠᠷᠢᠮ ᠪᠠᠭᠰᠢ ᠨᠢ ᠰᠣᠷᠣᠭᠴᠢ ᠶᠢ ᠵᠠᠯᠬᠠᠭᠠᠨ | ᠴᠡᠭᠡᠷᠯᠡᠭᠦᠯᠦᠭᠰᠡᠨ ᠠᠴᠠ ᠪᠣᠯᠵᠣ ᠬᠡᠲᠦ ᠰᠢᠳᠬᠡᠯ ᠣᠯᠵᠦ ᠪᠠᠶᠢᠬᠤ ᠲᠤᠬᠠᠢ ᠮᠠᠷᠭᠤᠭᠠᠨ ᠪᠤᠯᠵᠤ ᠪᠤᠢ᠃ | ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠦᠯ ᠬᠢᠬᠦ ᠲᠠᠯ᠎ᠠ ᠪᠠᠷ᠂ ᠪᠠᠭᠰᠢ᠂ ᠰᠤᠷᠤᠭᠴᠢ ᠪᠣᠯᠤᠨ ᠭᠡᠷ ᠤᠨ | ᠠᠬᠠᠮᠠᠳ ᠭᠤᠷᠪᠠᠨ ᠲᠠᠯ᠎ᠠ ᠪᠠᠷ ᠢᠶᠠᠨ ᠨᠢᠭᠡ ᠨᠢᠭᠡ ᠶᠢ ᠪᠠᠨ ᠰᠢᠬᠦᠮᠵᠢᠯᠡᠵᠦ ᠪᠠᠶᠢᠳᠠᠭ᠃ ᠡᠭᠦᠨ ᠢ ᠨᠢᠭᠡ ᠯᠡ | ᠦᠭᠡ ᠪᠠᠷ ᠬᠡᠯᠡᠪᠡᠯ᠂ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠡᠷᠬᠡ ᠶᠢᠨ ᠲᠣᠮᠢᠶᠠᠯᠠᠯ ᠪᠠ ᠵᠠᠭᠠᠭ ᠬᠢᠵᠠᠭᠠᠷ | ᠪᠠᠯᠠᠷᠬᠠᠶ ᠠᠴᠠ ᠪᠣᠯᠤᠭᠰᠠᠨ ᠶᠤᠮ ᠃ | ᠤᠳᠤ᠂ ︽ᠲᠦᠷᠢᠮ︾ ᠨᠢ ᠠᠩᠬ᠎ᠠ ᠤᠳᠠᠭ᠎ᠠ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ | ᠤᠬᠠᠭᠳᠠᠬᠤᠨ ᠳᠤ ᠲᠣᠮᠢᠶᠠᠯᠠᠯ ᠬᠢᠵᠦ᠂ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠪᠣᠯ ︽ᠰᠤᠷᠭᠠᠭᠤᠯᠢ | ᠪᠠ ᠪᠠᠭᠰᠢ ᠨᠢ ᠰᠤᠷᠭᠠᠨ ᠬᠥᠮᠦᠵᠢᠯ ᠤᠨ ᠵᠣᠷᠢᠯᠭ᠎ᠠ ᠠᠴᠠ ᠪᠠᠨ ᠡᠭᠦᠰᠴᠦ᠂ ᠲᠦᠷᠢᠮ ᠲᠣᠭᠲᠠᠭᠠᠯ ᠰᠠᠬᠢᠯᠭ᠎ᠠ | ᠪᠠᠲᠤ ᠠᠴᠠ ᠵᠥᠷᠢᠴᠡᠭᠰᠡᠨ ᠰᠣᠷᠣᠭᠴᠢ ᠶᠢ ᠬᠠᠮᠢᠶᠠᠷᠴᠤ᠂ ᠰᠤᠷᠭᠠᠨ ᠵᠢᠯᠣᠭᠤᠳᠬᠤ ᠪᠤᠶᠤ ᠲᠣᠭᠲᠠᠭᠠᠭᠰᠠᠨ ᠠᠷᠭ᠎ᠠ | ᠬᠡᠯᠪᠡᠷᠢ ᠪᠠᠷ ᠵᠠᠯᠠᠷᠠᠭᠤᠯᠤᠨ ᠵᠠᠰᠠᠵᠤ᠂ ᠰᠤᠷᠤᠭᠴᠢᠳ ᠤᠨ ᠡᠭᠦᠨ ᠢᠶᠠᠷ ᠴᠡᠭᠡᠷᠯᠡᠯ ᠪᠣᠯᠭᠠᠵᠤ᠂ ᠠᠯᠳᠠᠭ᠎ᠠ ᠪᠤᠷᠤᠭᠤ ᠪᠠᠨ | ᠲᠠᠨᠢᠵᠤ ᠵᠠᠰᠠᠨ ᠵᠠᠯᠠᠷᠠᠭᠤᠯᠬᠤ ᠶᠢ ᠠᠬᠢᠭᠤᠯᠬᠤ ᠬᠦᠮᠦᠵᠢᠯ ᠤᠨ ᠠᠵᠢᠯᠯᠠᠭ᠎ᠠ ᠪᠤᠯᠤᠨ᠎ᠠ︾ ᠭᠡᠵᠦ ᠲᠣᠭᠲᠠᠭᠠᠵᠠᠶ᠃ | ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠠᠷᠭ᠎ᠠ ᠪᠣᠯ ᠰᠢᠳᠭᠡᠬᠦ ᠶᠠᠪᠤᠳᠠᠯ ᠪᠢᠰᠢ᠂ ᠬᠠᠷᠢᠨ ᠰᠤᠷᠭᠠᠨ | ᠬᠥᠮᠦᠵᠢᠬᠦᠯᠬᠦ ᠨᠢᠭᠡ ᠵᠦᠢᠯ ᠤᠨ ᠠᠷᠭ᠎ᠠ ᠮᠠᠶ᠋ᠢᠭ ᠪᠤᠯᠬᠤ ᠶᠢ ᠲᠤᠳᠤᠷᠬᠠᠢ ᠲᠤᠬᠳᠠᠭᠠᠵᠤ᠂ ᠰᠤᠷᠭᠠᠨ ᠬᠥᠮᠦᠵᠢᠯ ᠤᠨ | ᠵᠠᠯᠬᠠᠭᠠᠨ ᠴᠡᠭᠡᠷᠯᠡᠭᠦᠯᠬᠦ ᠠᠷᠭ᠎ᠠ ᠶᠢᠨ ᠬᠥᠮᠦᠨ ᠬᠥᠮᠦᠵᠢᠭᠦᠯᠬᠦ ᠰᠢᠨᠵᠢ ᠴᠢᠨᠠᠷ ᠢ ᠴᠢᠬᠤᠯᠠᠴᠢᠯᠠᠪᠠ᠂ ᠡᠨᠡ ᠪᠣᠯ | ᠰᠤᠷᠭᠠᠭᠤᠯᠢ᠂ ᠪᠠᠭᠰᠢ ᠶᠢᠨ ᠰᠤᠷᠭᠠᠨ ᠬᠥᠮᠦᠵᠢᠭᠦᠯᠬᠦ ᠡᠷᠬᠡ᠂ ᠬᠠᠮᠢᠶᠠᠷᠬᠤ ᠡᠷᠬᠡ᠂ ᠦᠨᠡᠯᠡᠬᠦ ᠡᠷᠬᠡ ᠪᠠᠨ | ᠬᠡᠷᠡᠭᠵᠢᠭᠦᠯᠬᠦ ᠪᠣᠳᠠᠲᠠᠶ ᠠᠷᠭ᠎ᠠ ᠮᠠᠶ᠋ᠢᠭ ᠪᠤᠯᠤᠨ᠎ᠠ᠃ | ᠵᠠᠯᠬᠠᠭᠠᠨ ᠴᠡᠭᠡᠷᠯᠡᠭᠦᠯᠬᠦ ᠪᠠᠷᠢᠮᠵᠢᠶ᠎ᠠ ᠶᠢᠨ ᠲᠤᠬᠠᠢ ︽ᠲᠦᠷᠢᠮ︾ ᠳᠤ ᠲᠤᠯᠤᠭᠠᠨ ᠵᠤᠷᠪᠤᠰ ︽ᠤᠯᠠᠭᠠᠨ | ᠱᠤᠭᠤᠮ︾ ᠲᠣᠭᠲᠠᠭᠠᠵᠤ᠂ ᠦᠢᠯᠡᠳᠦᠯᠭᠡ ᠶᠢᠨ ᠲᠤᠮᠳᠠ ᠣᠨᠴᠠ ᠵᠠᠷᠢᠮ ᠪᠠᠭᠰᠢ ᠶᠢᠨ ᠪᠡᠶ᠎ᠡ ᠮᠠᠬᠠᠪᠣᠳ ᠤᠨ | ᠲᠠᠯ᠎ᠠ ᠪᠠᠷ ᠬᠠᠯᠠ ᠦᠵᠡᠭᠦᠯᠬᠦ ᠪᠠ ᠬᠡᠯᠪᠡᠷᠢ ᠶᠢ ᠨᠢ ᠥᠭᠡᠷᠡᠲᠦᠭᠦᠯᠦᠨ ᠪᠡᠶ᠎ᠡ ᠮᠠᠬᠠᠪᠣᠳ ᠤᠨ ᠲᠠᠯ᠎ᠠ ᠪᠠᠷ ᠬᠠᠯᠠ | ᠦᠵᠡᠭᠦᠯᠬᠦ ᠶᠢ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠦᠯ ᠪᠤᠯᠭᠠᠨ ᠶᠠᠪᠤᠭᠤᠯᠬᠤ ᠶᠢ ᠰᠡᠷᠭᠡᠶᠢᠯᠡᠭᠰᠡᠨ | ᠪᠠᠶᠢᠨ᠎ᠠ᠃ | ᠡᠩ ᠲᠡᠷᠢᠭᠦᠨ ᠳᠤ ᠪᠡᠶ᠎ᠡ ᠮᠠᠬᠠᠪᠣᠳ ᠢ ᠨᠢ ᠭᠡᠮᠲᠦᠭᠡᠬᠦ ᠳᠤ᠂ ᠵᠤᠳᠤᠵᠤ ᠴᠣᠬᠢᠬᠤ᠂ ᠬᠠᠳᠬᠤᠵᠤ ᠰᠢᠪᠡᠬᠦ | ᠵᠡᠷᠭᠡ ᠠᠷᠭ᠎ᠠ ᠪᠠᠷ ᠰᠢᠭᠤᠳ ᠪᠡᠶ᠎ᠡ ᠮᠠᠬᠠᠪᠣᠳ ᠢ ᠵᠣᠪᠠᠭᠠᠬᠤ ᠪᠡᠶ᠎ᠡ ᠮᠠᠬᠠᠪᠤᠳ ᠤᠨ ᠰᠢᠳᠭᠡᠯ ᠦᠵᠡᠬᠦᠯᠬᠦ ᠶᠢ | ᠪᠠᠭᠳᠠᠭᠠᠵᠠᠢ︔ ᠳᠠᠷᠠᠭ᠎ᠠ ᠳᠤᠨᠢ᠂ ᠬᠡᠮᠵᠢᠶᠡᠨ ᠠᠴᠠ ᠬᠡᠲᠦᠷᠡᠭᠦᠯᠦᠨ ᠰᠢᠳᠭᠡᠯ ᠦᠵᠡᠬᠦᠯᠬᠦ ᠳᠤ᠂ ᠬᠡᠪ ᠤᠨ | ᠬᠡᠮᠵᠢᠶᠡᠨ ᠠᠴᠠ ᠬᠡᠲᠦᠷᠡᠬᠦᠯᠦᠨ ᠰᠢᠳᠭᠡᠬᠦ᠂ ᠳᠠᠬᠢᠨ ᠳᠠᠪᠲᠠᠨ ᠬᠠᠭᠤᠯᠵᠤ ᠪᠢᠴᠢᠬᠦᠯᠬᠦ᠂ ᠡᠪ ᠬᠠᠪᠤ ᠥᠬᠡᠶ | ᠬᠥᠳᠡᠯᠭᠡᠭᠡᠨ ᠪᠤᠶᠤ ᠳᠦᠷᠰᠦ ᠪᠠᠶᠢᠳᠠᠯ ᠢ ᠠᠯᠪᠠᠲᠠᠨ ᠬᠢᠯᠭᠡᠬᠦ ᠵᠢᠴᠢ ᠵᠣᠷᠢᠭᠤᠳᠠ ᠭᠠᠭᠴᠠᠭᠠᠷᠳᠠᠭᠤᠯᠬᠤ ᠵᠡᠷᠭᠡ ᠪᠡᠶ᠎ᠡ | ᠮᠠᠬᠠᠪᠣᠳ ᠪᠠ ᠰᠡᠳᠬᠢᠴᠡ ᠶᠢ ᠨᠢ ᠳᠠᠮ ᠢᠶᠠᠷ ᠭᠡᠮᠲᠦᠭᠡᠬᠦ ᠵᠡᠷᠭᠡ ᠬᠡᠯᠪᠡᠷᠢ ᠶᠢ ᠨᠢ ᠥᠭᠡᠷᠡᠲᠦᠭᠦᠯᠦᠨ ᠬᠠᠷᠠᠳᠠᠵᠤ | ᠲᠠᠮᠤᠯᠠᠬᠤ ᠦᠢᠯᠡ ᠠᠵᠢᠯᠯᠠᠭ᠎ᠠ ᠶᠢ ᠪᠠᠭᠳᠠᠭᠠᠵᠠᠢ᠃ | ᠲᠡᠬᠢᠪᠡᠯ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠳᠣᠷᠣᠮᠵᠢᠯᠠᠨ ᠮᠠᠭᠤᠯᠠᠬᠤ ᠳᠤ᠂ ᠳᠣᠷᠣᠮᠵᠢᠯᠠᠨ | ᠬᠠᠷᠢᠶᠠᠬᠤ ᠪᠤᠶᠤ ᠭᠠᠳᠠᠭᠤᠷᠴᠢᠯᠠᠬᠤ ᠴᠢᠨᠠᠷᠲᠠᠶ ᠪᠠ ᠳᠣᠷᠣᠮᠵᠢᠯᠠᠬᠤ ᠴᠢᠨᠠᠷᠲᠠᠶ ᠦᠭᠡ ᠶᠠᠷᠢᠶ᠎ᠠ ᠦᠢᠯᠡ | ᠠᠵᠢᠯᠯᠠᠭ᠎ᠠ ᠪᠠᠷ ᠰᠣᠷᠣᠭᠴᠢ ᠶᠢᠨ ᠨᠡᠷ᠎ᠡ ᠬᠦᠨᠳᠦ ᠳᠤ ᠬᠠᠯᠳᠠᠬᠤ ᠶᠢ ᠪᠠᠭᠳᠠᠭᠠᠪᠠ᠃ ᠪᠠᠰᠠ ᠬᠤᠪᠢ ᠬᠥᠮᠦᠨ ᠪᠤᠶᠤ | ᠴᠥᠭᠡᠨ ᠲᠣᠭᠠᠨ ᠤ ᠬᠥᠮᠦᠨ ᠤ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ | ᠪᠣᠯᠵᠣ ᠪᠥᠬᠦ ᠰᠣᠷᠣᠭᠴᠢ ᠶᠢ ᠰᠢᠳᠭᠡᠬᠦ︔ ᠰᠤᠷᠤᠭᠴᠢ ᠶᠢᠨ ᠬᠤᠪᠢ ᠬᠥᠮᠦᠨ ᠤ ᠰᠤᠷᠤᠯᠭ᠎ᠠ ᠶᠢᠨ ᠬᠢᠷᠢ | ᠪᠦᠲᠦᠮᠵᠢ ᠠᠴᠠ ᠪᠣᠯᠵᠤ ᠰᠤᠷᠤᠭᠴᠢ ᠶᠢ ᠰᠢᠳᠭᠡᠬᠦ︔ ᠬᠤᠪᠢ ᠬᠥᠮᠦᠨ ᠤ ᠤᠷᠮ᠎ᠠ ᠰᠡᠳᠬᠢᠯᠭᠡ᠂ ᠰᠠᠶᠢᠨ ᠮᠠᠭᠤ ᠠᠴᠠ | ᠪᠣᠯᠵᠤ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠦᠯ ᠶᠠᠪᠤᠭᠤᠯᠬᠤ ᠪᠤᠶᠤ ᠰᠤᠩᠭᠤᠯᠳᠠ ᠲᠠᠢ ᠪᠠᠷ ᠶᠠᠪᠤᠭᠤᠯᠬᠤ | ᠶᠢ ᠪᠠᠭᠳᠠᠭᠠᠵᠠᠢ︔ ᠬᠠᠮᠤᠭ ᠰᠡᠭᠦᠯ ᠳᠤᠨᠢ ᠰᠤᠷᠤᠭᠴᠢ ᠲᠣᠮᠢᠯᠠᠨ ᠥᠪᠡᠷ ᠢ ᠪᠠᠨ ᠣᠷᠣᠯᠠᠭᠤᠯᠤᠨ ᠪᠤᠰᠤᠳ | ᠰᠤᠷᠤᠭᠴᠢ ᠳᠤ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠦᠯ ᠶᠠᠪᠤᠭᠤᠯᠬᠤ ᠶᠢ ᠪᠠᠭᠳᠠᠭᠠᠪᠠ᠃ | ᠡᠭᠦᠨ ᠠᠴᠠ ᠭᠠᠳᠠᠨ᠎ᠠ᠂ ︽ᠲᠦᠷᠢᠮ︾ ᠳᠤ ᠪᠠᠰᠠ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ | ᠦᠢᠯᠡ ᠪᠠᠶᠢᠳᠠᠯ ᠤᠨ ᠲᠤᠬᠠᠶ ᠪᠣᠳᠠᠲᠠᠶ ᠲᠣᠭᠲᠠᠭᠠᠯ ᠭᠠᠷᠭᠠᠵᠤ᠂ ᠦᠨᠡᠬᠡᠷ ᠴᠢᠬᠤᠯᠠᠲᠠᠶ ᠪᠠᠶᠢᠳᠠᠯ ᠳᠣᠤᠷ᠎ᠠ᠂ | ᠰᠤᠷᠭᠠᠭᠤᠯᠢ ᠪᠠ ᠪᠠᠭᠰᠢ ᠨᠢ ᠰᠣᠷᠣᠭᠴᠢᠳ ᠲᠤ ᠲᠦᠷᠢᠮ ᠲᠤᠬᠳᠠᠭᠠᠯ ᠢ ᠳᠠᠭᠠᠬᠤ ᠥᠬᠡᠶ᠂ ᠡᠮᠬᠢ ᠵᠢᠷᠤᠮ ᠢ | ᠰᠠᠮᠠᠭᠤᠷᠠᠭᠤᠯᠬᠤ᠂ ᠦᠢᠯᠡ ᠠᠵᠢᠯᠯᠠᠭ᠎ᠠ ᠨᠢ ᠵᠢᠷᠤᠮᠵᠢᠯ ᠢᠶᠠᠨ ᠠᠯᠳᠠᠬᠤ᠂ ᠠᠶᠤᠯᠲᠤ ᠴᠢᠨᠠᠷ ᠲᠠᠢ᠂ ᠡᠷᠬᠡ ᠠᠰᠢᠭ ᠲᠤ | ᠬᠠᠯᠳᠠᠬᠤ ᠵᠡᠷᠭᠡ ᠦᠢᠯᠡ ᠪᠠᠶᠢᠳᠠᠯ ᠭᠠᠷᠬᠤ ᠳᠤ ᠬᠦᠷᠪᠡᠯ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠦᠯ | ᠶᠠᠪᠤᠭᠤᠯᠵᠤ ᠪᠤᠯᠤᠨ᠎ᠠ ᠬᠡᠪᠡ᠃ | http://mongol.people.com.cn/15836073.html |