ᠥᠪᠥᠷ ᠮᠣᠩᠭᠤᠯ ᠤᠨ ᠡᠳᠦᠷ ᠤᠨ ᠰᠣᠨᠢᠨ ᠤ 1 ᠰᠠᠷ᠎ᠠ ᠶᠢᠨ 24 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠬᠠᠨ ᠰᠢᠦᠧᠠᠢ ᠷᠤ᠋︶ ᠰᠤᠷᠪᠤᠯᠵᠢᠯᠠᠭᠴᠢ 1 ᠰᠠᠷ᠎ᠠ ᠶᠢᠨ 22 ᠤᠨ ᠡᠳᠦᠷ ᠬᠤᠷᠠᠯᠳᠤᠭᠤᠯᠤᠭᠰᠠᠨ | ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ ᠨᠠᠷ ᠤᠨ ᠠᠵᠢᠯ ᠤᠨ ᠬᠤᠷᠠᠯ ᠠᠴᠠ | ᠣᠶᠢᠯᠠᠭᠠᠭᠰᠠᠨ ᠢᠶᠠᠷ᠂ ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ 2020 ᠣᠨ ᠳᠤ ᠳᠠᠬᠢᠨᠲᠠ ᠡᠯᠪᠡᠭ | ᠬᠤᠷᠢᠶᠠᠯᠲᠠ ᠣᠯᠵᠤ᠂ ᠮᠢᠬᠠᠨ ᠤ ᠭᠠᠷᠤᠯᠲᠠ ᠲᠣᠭᠲᠠᠭᠤᠨ ᠤ ᠲᠤᠮᠳᠠ ᠠᠬᠢᠯᠲᠠ ᠲᠠᠢ ᠪᠣᠯᠵᠣ᠂ ᠮᠠᠯᠵᠢᠬᠤ | ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ 8.4% ᠪᠠᠷ ᠨᠡᠮᠡᠭᠳᠡᠵᠦ᠂ ︽ᠬᠤᠶᠠᠷ ᠢ ᠥᠨᠳᠥᠷ ᠪᠠᠶᠢᠯᠭᠠᠬᠤ︾ ᠶᠢ ᠦᠷᠭᠦᠯᠵᠢᠯᠡᠨ ᠪᠠᠲᠤᠯᠠᠪᠠ᠃ ᠠᠮᠤ | ᠪᠤᠳᠠᠭᠠᠨ ᠤ ᠦᠢᠯᠡᠳᠪᠦᠷᠢᠯᠡᠯ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠬᠯᠠᠬᠤ᠂ ᠠᠮᠤ | ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠶᠢ ᠲᠣᠭᠲᠠᠭᠤᠨ ᠢᠶᠠᠷ ᠬᠥᠭᠵᠢᠭᠦᠯᠵᠦ᠂ ᠵᠢᠭᠠᠰᠤᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ 5 ᠵᠦᠢᠯ ᠤᠨ ᠠᠵᠢᠯ ᠤᠨ ᠠᠮᠵᠢᠯᠲᠠ ᠪᠦᠲᠦᠮᠵᠢ ᠪᠥᠬᠦ ᠤᠯᠤᠰ ᠤᠨ ᠡᠮᠦᠨ᠎ᠡ ᠡᠩᠨᠡᠭᠡᠨ ᠳᠤ | ᠣᠷᠣᠪᠠ᠃ | ᠣᠶᠢᠯᠠᠭᠠᠭᠰᠠᠨ ᠢᠶᠠᠷ᠂ ᠮᠠᠨ ᠤ ᠣᠷᠣᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠢᠳᠤᠨᠤᠨ ᠪᠥᠬᠦ ᠣᠷᠣᠨ ᠤ ᠠᠮᠤ ᠪᠤᠳᠠᠭ᠎ᠠ ᠳᠠᠷᠢᠬᠰᠠᠠ ᠲᠠᠯᠠᠪᠠᠶ 1.03 | ᠳ᠋ᠦᠩᠰᠢᠭᠤᠷ ᠮᠥ ᠳᠤ ᠬᠦᠷᠴᠦ᠂ ᠠᠮᠤ ᠪᠤᠳᠠᠭᠠᠨ ᠤ ᠤᠨᠠᠯᠲᠠ 732.8 ᠳ᠋ᠦᠩᠰᠢᠭᠤᠷ ᠵᠢᠩ ᠳᠤ ᠬᠦᠷᠴᠦ᠂ ᠠᠷᠪᠠᠨ | ᠲᠤᠯᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠤᠭᠰᠠᠨ ᠪᠠᠶᠢᠨ᠎ᠠ᠃ 356 ᠲᠦᠮᠡᠨ ᠮᠤ᠋ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 12.2 ᠲᠦᠮᠡᠨ ᠮᠤ᠋ ᠬᠤᠵᠢᠷᠯᠢᠭ ᠭᠠᠵᠠᠷ ᠢ | ᠰᠠᠶᠢᠵᠢᠷᠠᠭᠤᠯᠬᠤ ᠲᠤᠷᠰᠢᠯᠲᠠ ᠶᠢᠨ ᠴᠢᠬ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ | ᠳᠠᠭᠤᠰᠬᠠᠵᠤ᠂ 110 ᠲᠦᠮᠡᠨ ᠮᠤ᠋ ᠬᠠᠷ᠎ᠠ ᠬᠥᠷᠥᠰᠥ ᠶᠢ ᠬᠠᠮᠠᠭᠠᠯᠠᠠ ᠠᠰᠢᠬᠯᠠᠵᠤ᠂ 759 ᠲᠦᠮᠡᠨ ᠮᠤ᠋ | ᠭᠠᠵᠠᠷ ᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠶᠢ ᠪᠡᠶᠡᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠪᠦᠲᠦᠮᠵᠢᠲᠡᠢ ᠪᠠᠲᠤᠳᠬᠠᠪᠠ᠃ ᠢᠳᠡᠰᠢᠨ ᠨᠣᠭᠤᠭ᠎ᠠ ᠳᠠᠷᠢᠬᠰᠠᠠ ᠲᠠᠯᠠᠪᠠᠶ 366.2 ᠲᠦᠮᠡᠨ ᠮᠥ ᠳᠤ | ᠬᠦᠷᠴᠦ᠂ ᠤᠨᠠᠯᠲᠠ ᠨᠢ 1522 ᠲᠦᠮᠡᠨ ᠲᠣᠨ ᠳᠤ ᠬᠦᠷᠴᠦ᠂ ᠢᠳᠡᠰᠢᠨ ᠨᠣᠭᠤᠭ᠎ᠠ ᠶᠢᠨ ᠥᠪᠡᠷ ᠢ ᠪᠠᠨ | ᠬᠠᠩᠭᠠᠬᠤ ᠴᠢᠳᠠᠪᠤᠷᠢ ᠪᠦᠲᠦᠮᠵᠢᠲᠡᠶ ᠳᠡᠭᠡᠭᠰᠢᠯᠡᠪᠡ᠃ | ᠡᠭᠦᠨ ᠤ ᠬᠠᠮᠲᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠠᠮᠢᠳᠤ ᠭᠠᠭ᠋ᠠᠶ ᠶᠢᠨ | ᠦᠢᠯᠡᠳᠪᠦᠷᠢᠯᠡᠯ ᠢ ᠰᠡᠷᠭᠦᠭᠡᠬᠦ ᠶᠢ ᠪᠣᠳᠠᠲᠠᠶ ᠠᠳᠬᠤᠵᠤ᠂ ᠮᠠᠯ ᠠᠵᠤ ᠠᠬᠤᠶ ᠲᠣᠭᠲᠠᠭᠤᠨ ᠤ ᠳᠤᠮᠳᠠ ᠠᠬᠢᠯᠲᠠ ᠲᠠᠢ | ᠪᠣᠯᠪᠠ᠃ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 260.7 ᠲᠦᠮᠡᠨ ᠲᠣᠨ ᠳᠤ ᠬᠦᠷᠴᠦ᠂ | ᠦᠨᠢᠶᠡᠨ ᠰᠦ ᠶᠢᠨ ᠭᠠᠷᠤᠯᠲᠠ 611.5 ᠲᠦᠮᠡᠨ ᠲᠣᠨ ᠳᠤ ᠬᠦᠷᠴᠦ᠂ ᠠᠷᠪᠠᠨ ᠵᠢᠷᠭᠤᠭᠠᠨ ᠵᠢᠯ ᠳᠠᠷᠠᠭᠠᠯᠠᠨ | ᠲᠣᠭᠲᠠᠭᠤᠨ ᠪᠠᠶᠢᠬᠤ ᠶᠢ ᠪᠡᠶᠡᠯᠡᠭᠦᠯᠪᠡ᠃ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ︾ ᠶᠢ ᠨᠡᠶᠢᠲᠡᠯᠡᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠶᠢᠨ | ᠡᠷᠴᠢᠮ ᠢᠶᠠᠨ ᠴᠢᠩᠭᠠᠷᠠᠭᠤᠯᠵᠤ᠂ ᠶᠢᠰᠦᠨ ᠶᠡᠭᠡ ᠰᠦ ᠶᠢᠨ ᠦᠢᠯᠡᠰ ᠤᠨ ᠪᠦᠯᠦᠭᠯᠡᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠤᠯᠠᠮᠵᠢᠯᠠᠯᠲᠤ ᠴᠠᠭᠠᠨ ᠢᠳᠡᠭᠡ ᠶᠢ ᠡᠳ᠋ᠰᠢᠭᠦᠯᠦᠨ ᠬᠥᠭᠵᠢᠭᠦᠯᠬᠦ ᠳᠠᠯᠳᠠ | ᠬᠦᠴᠦᠨ ᠢ ᠭᠦᠨᠵᠡᠭᠡᠶ ᠠᠭᠤᠳᠠᠯᠵᠤ᠂ ᠰᠠᠭᠠᠯᠢ ᠶᠢᠨ ᠦᠨᠢᠶ᠎ᠡ᠂ ᠦᠨᠢᠶᠡᠨ ᠰᠦ ᠶᠢᠨ ᠭᠠᠷᠤᠯᠲᠠ ᠠᠳᠠᠯᠢ | ᠬᠤᠭᠤᠴᠠᠭᠠᠨ ᠤ ᠬᠢ ᠠᠴᠠ ᠲᠣᠰ ᠲᠣᠰ 5.57 % ᠪᠠ 5.94 % ᠪᠠᠷ ᠨᠡᠮᠡᠭᠳᠡᠪᠡ᠃ ᠲᠣᠮᠣ ᠶᠢ ᠨᠢ ᠠᠳᠬᠤᠵᠤ | ᠵᠢᠵᠢᠭ ᠢ ᠨᠢ ᠤᠷᠬᠢᠬᠤ ᠦᠭᠡᠢ ᠪᠠᠶᠢᠬᠤ ᠶᠢ ᠪᠠᠷᠢᠮᠲᠠᠯᠠᠨ᠂ ᠠᠮᠢᠳᠤ ᠭᠠᠭ᠋ᠠᠢ ᠶᠢᠨ ᠠᠵᠤ ᠦᠢᠯᠡᠰ ᠤᠨ | ᠪᠠᠢᠷᠢᠰᠢᠭᠤᠯᠤᠯᠳᠠ ᠶᠢ ᠰᠢᠯᠢᠳᠡᠭᠵᠢᠭᠦᠯᠵᠦ᠂ ᠲᠡᠵᠢᠭᠡᠵᠦ ᠪᠠᠶᠢᠭ᠎ᠠ ᠭᠠᠭ᠋ᠠᠢ ᠶᠢᠨ ᠲᠤᠭ᠎ᠠ 534.1 ᠲᠦᠮᠡ ᠳᠤ | ᠬᠦᠷᠪᠡ᠃ | ᠰᠢᠨ᠎ᠡ ᠬᠥᠭᠵᠢᠯᠲᠡ ᠶᠢᠨ ᠱᠠᠲᠤᠨ ᠳᠠᠬᠢ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ | ᠲᠠᠷᠢᠶᠠᠴᠢᠨ︾ ᠤ ᠠᠵᠢᠯ ᠢ ᠡᠮᠬᠢ ᠵᠢᠷᠤᠮ ᠲᠠᠢ ᠬᠦᠴᠦᠲᠡᠶ ᠠᠬᠢᠭᠤᠯᠬᠤ ᠶᠢᠨ ᠲᠥᠯᠥᠭᠡ᠂ ᠡᠨᠡ ᠵᠢᠯ ᠮᠠᠨ ᠤ | ᠣᠷᠣᠨ ᠤ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠠᠵᠢᠯ ᠳᠤ ᠠᠮᠤ ᠪᠤᠳᠠᠭᠠᠨ ᠤ ᠡᠯᠪᠡᠭ | ᠬᠤᠷᠢᠶᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠤᠯᠬᠤ᠂ ᠳᠠᠪᠠᠭᠤᠯᠢᠭ ᠤᠨᠴᠠᠯᠢᠬᠳᠤ ᠮᠠᠯ ᠠᠵᠤ ᠠᠬᠤᠶ ᠶᠢ | ᠬᠦᠴᠦᠯᠡᠨ ᠬᠥᠭᠵᠢᠭᠦᠯᠬᠦ᠂ ᠦᠷ᠎ᠡ ᠶᠢᠨ ᠦᠢᠯᠡᠰ ᠢ ᠰᠡᠷᠭᠦᠭᠡᠨ ᠬᠦᠭᠵᠢᠭᠦᠯᠭᠦ ᠲᠠᠶᠢᠯᠠᠯᠳᠤᠭᠠᠨ ᠢ ᠰᠠᠶᠢᠲᠤᠷ ᠬᠢᠬᠦ᠂ | ᠲᠠᠷᠢᠶᠠᠨ ᠭᠠᠵᠠᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ 10 ᠵᠦᠢᠯ ᠤᠨ ᠠᠵᠢᠯ ᠢ | ᠭᠤᠤᠯᠳᠠᠯᠭ᠎ᠠ ᠲᠠᠢ ᠰᠠᠶᠢᠲᠤᠷ ᠠᠳᠬᠤᠵᠤ᠂ ᠮᠠᠯ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠮᠠᠨ ᠤ ᠣᠷᠣᠨ ᠤ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠢᠨ᠎ᠡ | ᠠᠮᠵᠢᠯᠲᠠ ᠪᠦᠲᠦᠮᠵᠢ ᠪᠠ ᠰᠢᠨ᠎ᠡ ᠳᠠᠪᠰᠢᠯᠲᠠ ᠲᠠᠢ ᠪᠤᠯᠭᠠᠨ᠎ᠠ᠃ | http://mongol.people.com.cn/15836067.html |