ᠥᠪᠥᠷ ᠮᠣᠩᠭᠤᠯ᠄ ᠰᠦᠮ᠎ᠡ ᠶᠢᠨ ᠴᠤᠭᠯᠠᠭᠠᠨ ᠵᠡᠷᠭᠡ ᠰᠦᠯᠵᠢᠶᠡᠨ ᠭᠠᠳᠠᠨᠠᠬᠢ ᠠᠵᠢᠯᠯᠠᠭ᠎ᠠ ᠶᠢ ᠴᠥᠮ ᠬᠦᠴᠦᠨ ᠥᠬᠡᠶ ᠪᠣᠯᠭᠠᠵᠤ ᠣᠯᠠᠨ ᠲᠦᠮᠡᠨ ᠤ ᠲᠤᠬᠠᠶ ᠶᠢᠨ ᠭᠠᠵᠠᠷ ᠲᠠᠭᠠᠨ ᠰᠢᠨᠡᠯᠡᠬᠦ ᠶᠢ ᠤᠷᠢᠶᠠᠯᠠᠪᠠ
ᠨᠡᠶᠢᠲᠡᠯᠡᠭᠰᠡᠨ ᠴᠠᠭ᠄
2021/1/26
      ᠰᠢᠨᠬᠤᠸᠠ ᠰᠦᠯᠵᠢᠶᠡᠨ ᠤ ᠬᠥᠬᠡᠬᠤᠲᠠ ᠶᠢᠨ 1 ᠰᠠᠷ᠎ᠠ ᠶᠢᠨ 23 ᠤ ᠡᠳᠦᠷ ᠤᠨ ᠮᠡᠳᠡᠭᠡ ︵ᠱᠢ ᠢ︶ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠤᠨ ᠵᠢᠯᠣᠭᠤᠳᠬᠤ ᠭᠠᠵᠠᠷ ᠠᠯᠪᠠᠨ ᠵᠠᠷ ᠨᠡᠶᠢᠲᠡᠯᠡᠵᠦ᠂ ᠰᠦᠮ᠎ᠡ ᠶᠢᠨ ᠴᠤᠭᠯᠠᠭᠠᠨ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠣᠨ ᠤ ᠬᠤᠷᠠᠯ ᠪᠤᠶᠤ ᠴᠤᠭᠯᠠᠭᠠᠨ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠶᠢ ᠴᠥᠮ ᠬᠦᠴᠦᠨ ᠥᠬᠡᠶ ᠪᠣᠯᠭᠠᠵᠤ᠂ ᠡᠯ᠎ᠡ ᠲᠥᠷᠥᠯ ᠤᠨ ᠰᠦᠯᠵᠢᠶᠡᠨ ᠤ ᠭᠠᠳᠠᠨᠠᠬᠢ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠳᠡᠯᠭᠡᠨ ᠪᠣᠷᠣᠯᠠᠭᠤᠯᠬᠤ᠂  ᠪᠣᠷᠣᠯᠠᠭᠤᠯᠭ᠎ᠠ ᠶᠢ ᠠᠬᠢᠭᠤᠯᠬᠤ ᠵᠡᠷᠭᠡ ᠠᠵᠢᠯᠯᠠᠭ᠎ᠠ ᠶᠢ ᠡᠷᠭᠢᠯᠡᠬᠦ ᠥᠬᠡᠶ  ᠬᠡᠪᠡ᠃      ᠠᠯᠪᠠᠨ ᠵᠠᠷ ᠲᠤ᠂ ᠥᠷᠭᠡᠨ ᠣᠯᠠᠨ ᠲᠦᠮᠡᠨ ᠠᠯᠢ ᠴᠢᠳᠠᠬᠤ ᠪᠠᠷ ᠲᠤᠬᠠᠶ ᠶᠢᠨ ᠭᠠᠵᠠᠷ ᠲᠠᠭᠠᠨ ᠰᠢᠨᠡᠯᠡᠵᠦ᠂ ᠵᠠᠪᠠᠯ ᠭᠠᠷᠬᠤ ᠱᠠᠭᠠᠷᠳᠠᠯᠭ᠎ᠠ ᠦᠭᠡᠢ ᠪᠤᠯ ᠭᠠᠳᠠᠭᠰᠢ ᠭᠠᠷᠬᠤ ᠦᠭᠡᠢ᠂ ᠬᠢᠯᠢ ᠠᠴᠠ ᠭᠠᠷᠬᠤ ᠥᠬᠡᠶ᠂ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠳᠡᠢ ᠪᠤᠶᠤ ᠨᠡᠯᠢᠶᠡᠳ ᠶᠡᠭᠡ ᠭᠠᠵᠠᠷ ᠣᠷᠣᠨ ᠳᠤ ᠣᠴᠢᠬᠤ ᠥᠬᠡᠶ ᠪᠠᠶᠢᠬᠤ ᠬᠡᠷᠡᠭᠳᠡᠢ᠃      ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠳᠡᠢ ᠪᠤᠶᠤ ᠨᠡᠯᠢᠶᠡᠳ ᠶᠡᠭᠡ ᠭᠠᠵᠠᠷ ᠣᠷᠣᠨ ᠤ ᠬᠥᠮᠦᠰ ᠵᠠᠪᠠᠯ ᠢᠷᠡᠬᠦ ᠱᠠᠭᠠᠷᠳᠠᠯᠭ᠎ᠠ ᠦᠭᠡᠢ ᠪᠤᠯ ᠥᠪᠥᠷ ᠮᠣᠩᠭᠤᠯ ᠳᠤ ᠢᠷᠡᠬᠦ ᠪᠠᠨ ᠲᠦᠷ ᠬᠤᠶᠢᠰᠢᠯᠠᠭᠤᠯᠠᠭᠠᠷᠠᠢ᠃ ᠵᠠᠪᠠᠯ ᠢᠷᠡᠬᠦ ᠪᠠ ᠪᠤᠴᠠᠬᠤ ᠱᠠᠭᠠᠷᠳᠠᠯᠭ᠎ᠠ ᠲᠠᠢ ᠬᠢᠯᠢ ᠶᠢᠨ ᠭᠠᠳᠠᠨᠠᠬᠢ ᠬᠥᠮᠦᠰ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠬᠤ + 7 ᠡᠳᠦᠷ ᠬᠡᠷ ᠲᠡᠭᠡᠨ ᠲᠤᠰᠠᠭᠠᠷᠯᠠᠬᠤ + 3 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠡ ᠬᠢᠬᠦ ︵ᠲᠣᠰ ᠲᠣᠰ 1᠂ 14᠂ 21 ᠳ᠋ᠤᠭᠡᠷ ᠡᠳᠦᠷ ᠲᠤ ᠰᠢᠯᠭᠠᠨ ᠪᠠᠶᠢᠴᠠᠭᠠᠯᠲᠡ ᠬᠢᠬᠦ︶︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠭᠰᠡᠨ ᠪᠤᠶᠤ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ 14 ᠡᠳᠦᠷ ᠤᠷᠴᠢᠮ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠨᠡᠯᠢᠶᠡᠳ ᠶᠡᠭᠡ ᠭᠠᠵᠠᠷ ᠣᠷᠣᠨ ᠠᠴᠠ ᠢᠷᠡᠭᠰᠡᠨ ᠪᠤᠶᠤ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠨᠡᠯᠢᠶᠡᠳ ᠶᠡᠭᠡ ᠭᠠᠵᠠᠷ ᠣᠷᠣᠨ ᠳᠤ 14 ᠡᠳᠦᠷ ᠤᠷᠴᠢᠮ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ ᠲᠤ ︽14 ᠡᠳᠦᠷ ᠬᠡᠷ ᠲᠡᠭᠡᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ᠬᠡᠵᠡᠢ᠃      ᠠᠯᠪᠠᠨ ᠵᠠᠷ ᠲᠤ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠢᠨ ᠲᠣᠮᠣ ᠬᠡᠪᠴᠢᠶᠡᠨ ᠤ ᠬᠤᠷᠠᠯ ᠬᠢᠬᠦ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ ᠵᠠᠷᠴᠢᠮ ᠳᠡᠭᠡᠷ᠎ᠡ ᠪᠠᠨ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠶ ᠬᠤᠷᠠᠯ ᠤᠨ ᠠᠵᠢᠯᠯᠠᠭ᠎ᠠ ᠡᠷᠭᠢᠯᠡᠵᠦ ᠪᠤᠯᠬᠤ ᠥᠬᠡᠶ᠂ ᠦᠨᠡᠨ ᠬᠦ ᠡᠷᠭᠢᠯᠡᠬᠦ ᠱᠠᠭᠠᠷᠳᠠᠯᠭ᠎ᠠ ᠲᠠᠢ ᠪᠤᠯ᠂ ᠰᠦᠯᠵᠢᠶ᠎ᠡ᠂ ᠸᠢᠳᠢᠣ᠋᠂ ᠰᠦᠯᠵᠢᠶᠡᠨ ᠳᠡᠭᠡᠷᠡᠬᠢ ᠲᠠᠪᠴᠠᠩ ᠵᠡᠷᠭᠡ ᠬᠡᠯᠪᠡᠷᠢ ᠪᠠᠷ 50 ᠬᠥᠮᠦᠨ ᠠᠴᠠ ᠳᠡᠭᠡᠭᠰᠢᠬᠢ ᠬᠤᠷᠠᠯ ᠤᠨ ᠠᠵᠢᠯᠯᠠᠭ᠎ᠠ ᠡᠷᠭᠢᠯᠡᠬᠦ ᠶᠢ ᠰᠠᠨᠠᠭᠠᠴᠢᠯᠠᠵᠤ᠂ ᠭᠤᠤᠯᠯᠠᠨ ᠡᠷᠭᠢᠯᠡᠬᠦ ᠲᠠᠯ᠎ᠠ ᠶᠢᠨ ᠬᠢᠨ ᠲᠤᠬᠠᠶ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠬᠯᠠᠬᠤ ᠵᠢᠯᠣᠭᠤᠳᠬᠤ ᠭᠠᠵᠠᠷ ᠤᠨ ᠵᠢᠯᠣᠭᠤᠳᠣᠯᠭ᠎ᠠ ᠳᠣᠤᠷ᠎ᠠ᠂ ᠰᠡᠷᠭᠡᠶᠢᠯᠡᠨ ᠬᠤᠷᠢᠬᠯᠠᠬᠤ ᠲᠥᠰᠦᠯ ᠲᠣᠭᠲᠠᠭᠠᠬᠤ ᠶᠢᠨ ᠬᠠᠮᠲᠤ ᠬᠤᠯᠪᠣᠭᠳᠠᠯ ᠪᠥᠬᠦᠶ ᠰᠡᠷᠭᠡᠶᠢᠯᠡᠨ ᠬᠤᠷᠢᠬᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠨᠢᠭᠡᠴᠡ ᠶᠢᠨ ᠬᠢᠨ ᠬᠠᠮᠲᠤ ᠶᠢᠨ ᠵᠣᠯᠭᠠᠯᠲᠠ ᠪᠠ ᠲᠣᠮᠣ ᠬᠡᠯᠪᠡᠷᠢ ᠶᠢᠨ ᠲᠣᠬᠤᠨᠢᠭᠤᠯᠬᠤ ᠠᠵᠢᠯᠯᠠᠭ᠎ᠠ᠂ ᠬᠠᠮᠲᠤᠷᠠᠭᠰᠠᠨ ᠨᠠᠶᠢᠷ᠂ ᠬᠠᠮᠲᠤ ᠶᠢᠨ ᠬᠤᠭᠤᠯᠠ᠂ ᠪᠣᠯᠪᠠᠰᠤᠷᠠᠯ ᠵᠡᠷᠭᠡ ᠠᠵᠢᠯᠯᠠᠭ᠎ᠠ ᠶᠢ ᠴᠥᠮ ᠬᠦᠴᠦᠨ ᠥᠬᠡᠶ ᠪᠣᠯᠭᠠᠬᠤ ᠬᠡᠷᠡᠭᠳᠡᠢ ᠬᠡᠵᠦ ᠵᠢᠭᠠᠵᠤ ᠭᠠᠷᠭᠠᠪᠠ᠃      ᠡᠭᠦᠨ ᠤ ᠬᠠᠮᠲᠤ᠂ ᠡᠯ᠎ᠡ ᠭᠠᠵᠠᠷ ᠤᠨ ᠬᠢᠨ ᠢ ᠰᠦᠮ᠎ᠡ ᠶᠢᠨ ᠴᠤᠭᠯᠠᠭᠠᠨ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠣᠨ ᠤ ᠬᠤᠷᠠᠯ ᠪᠤᠶᠤ ᠴᠤᠭᠯᠠᠭᠠᠨ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠶᠢ ᠴᠥᠮ ᠬᠦᠴᠦᠨ ᠥᠬᠡᠶ ᠪᠣᠯᠭᠠᠵᠤ᠂ ᠡᠯ᠎ᠡ ᠲᠥᠷᠥᠯ ᠤᠨ ᠰᠦᠯᠵᠢᠶᠡᠨ ᠤ ᠭᠠᠳᠠᠨᠠᠬᠢ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠳᠡᠯᠭᠡᠨ ᠪᠣᠷᠣᠯᠠᠭᠤᠯᠬᠤ᠂ ᠪᠣᠷᠣᠯᠠᠭᠤᠯᠭ᠎ᠠ ᠶᠢ ᠠᠬᠢᠭᠤᠯᠬᠤ ᠵᠡᠷᠭᠡ ᠠᠵᠢᠯᠯᠠᠭ᠎ᠠ ᠶᠢ ᠡᠷᠭᠢᠯᠡᠵᠦ ᠪᠤᠯᠬᠤ ᠦᠭᠡᠢ ᠬᠡᠵᠦ ᠱᠠᠭᠠᠷᠳᠠᠪᠠ᠃ ᠪᠠᠰᠠ ︽ᠤᠷᠤᠭ ᠬᠤᠷᠢᠮ ᠤᠨ ᠶᠠᠪᠤᠳᠠᠯ ᠢ ᠬᠤᠶᠢᠰᠢᠯᠠᠭᠤᠯᠤᠨ ᠬᠢᠵᠦ᠂ ᠣᠷᠣᠰᠢᠭᠤᠯᠭ᠎ᠠ ᠶᠢᠨ ᠶᠠᠪᠤᠳᠠᠯ ᠢ ᠳᠥᠭᠦᠮᠴᠢᠯᠡᠵᠦ᠂ ᠳᠠᠶᠢᠯᠠᠯᠭ᠎ᠠ ᠬᠢᠬᠦ ᠦᠭᠡᠢ︾ ᠪᠠᠶᠢᠬᠤ ᠶᠢ ᠰᠠᠨᠠᠭᠠᠴᠢᠯᠠᠵᠠᠢ᠃  ᠡᠭᠦᠨ ᠠᠴᠠ ᠭᠠᠳᠠᠨ᠎ᠠ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠺᠢᠨᠣ᠋ ᠵᠦᠴᠦᠭᠡ ᠶᠢᠨ ᠲᠢᠶᠠᠲᠷ᠂ ᠰᠦᠯᠵᠢᠶᠡᠨ ᠤ ᠪᠠᠭᠠᠷ᠂ ᠲᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠡᠷᠡᠭᠯᠡᠭᠴᠢᠳ ᠤᠨ ᠬᠥᠮᠦᠨ ᠤ ᠲᠤᠭ᠎ᠠ ᠶᠢ ᠬᠢᠨᠠᠨ ᠲᠣᠭᠲᠠᠭᠠᠭᠰᠠᠨ ᠬᠥᠮᠦᠨ ᠤ ᠲᠣᠭᠠᠨ ᠤ 75% ᠠᠴᠠ ᠬᠡᠲᠦᠷᠡᠭᠦᠯᠵᠦ ᠪᠣᠯᠬᠤ ᠥᠬᠡᠶ᠂ ᠤᠬᠢᠶᠠᠯᠭ᠎ᠠ ᠶᠢᠨ ᠲᠠᠰᠤᠭ᠂ ᠪᠡᠶ᠎ᠡ ᠤᠬᠢᠶᠠᠬᠤ ᠭᠠᠵᠠᠷ ᠵᠡᠷᠭᠡ ᠪᠢᠲᠡᠭᠦᠮᠵᠢᠯᠡᠯᠳᠦ ᠲᠠᠯᠠᠪᠤᠷ ᠭᠠᠵᠠᠷ ᠤᠨ ᠬᠡᠷᠡᠭᠯᠡᠭᠴᠢᠳ ᠤᠨ ᠲᠤᠭ᠎ᠠ ᠶᠢ ᠭᠥᠯᠢᠶᠡᠨ ᠠᠪᠬᠤ ᠬᠥᠮᠦᠨ ᠤ ᠲᠣᠭᠠᠨ ᠤ 50% ᠠᠴᠠ ᠬᠡᠲᠦᠷᠡᠭᠦᠯᠵᠦ ᠪᠣᠯᠬᠤ ᠥᠬᠡᠶ᠃      ᠬᠤᠳᠠᠯᠳᠤᠭᠠᠨ ᠤ ᠬᠡᠲᠦ ᠳᠡᠯᠭᠡᠭᠦᠷ᠂ ᠢᠳᠡᠭᠡᠨ ᠤᠮᠳᠠᠭᠠᠨ ᠬᠤᠨᠤᠭ ᠪᠠᠭᠤᠳᠠᠯ᠂ ᠲᠠᠷᠢᠶᠠᠯᠠᠩ ᠠᠷᠠᠯᠵᠢᠶ᠎ᠠ ︵ᠴᠤᠭᠯᠠᠭ᠎ᠠ ᠮᠠᠶᠢᠮᠠᠶ︶ ᠶᠢᠨ ᠵᠠᠬ᠎ᠠ ᠳᠡᠯᠭᠡᠭᠦᠷ᠂ ᠰᠣᠶᠣᠯ ᠵᠤᠭ᠎ᠠ ᠴᠡᠩᠭᠡᠯ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠵᠢᠴᠢ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠭᠠᠵᠠᠷ ᠳᠣᠤᠷᠠᠬᠢ ᠲᠡᠮᠦᠷ ᠵᠠᠮ᠂ ᠮᠠᠰᠢᠨ ᠲᠡᠷᠭᠡᠨ ᠤ ᠥᠷᠲᠡᠭᠡ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠬᠥᠮᠦᠰ ᠤᠨ ᠬᠤᠷᠤᠮᠬᠠᠨ ᠵᠠᠭᠤᠷ᠎ᠠ ᠣᠷᠣᠵᠤ ᠭᠠᠷᠬᠤ ᠬᠡᠮᠵᠢᠶ᠎ᠡ ᠶᠢ ᠬᠢᠵᠠᠭᠠᠷᠯᠠᠬᠤ ᠶᠢ ᠴᠢᠩᠭᠠᠳᠬᠠᠵᠤ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠠᠷᠢᠭᠤᠨ ᠴᠡᠪᠡᠷ ᠪᠠᠶᠢᠯᠭᠠᠬᠤ᠂ ᠲᠠᠯᠠᠪᠤᠷ ᠭᠠᠵᠠᠷ ᠲᠤ ᠣᠷᠣᠬᠤ ᠳᠤ ᠪᠡᠶ᠎ᠡ ᠶᠢᠨ ᠬᠠᠯᠠᠭᠤᠨ ᠬᠡᠮᠵᠢᠬᠦ᠂ ᠠᠮᠠᠪᠴᠢ ᠵᠡᠭᠦᠬᠦ᠂ ︽ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ︾ ᠵᠡᠷᠭᠡ ᠰᠡᠷᠭᠡᠶᠢᠯᠡᠨ ᠬᠤᠷᠢᠬᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ ᠬᠡᠵᠦ ᠲᠤᠬᠳᠠᠭᠠᠵᠠᠢ᠃http://mongol.people.com.cn/15836080.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号