ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ 2020 ᠣᠨ ᠳᠤ ᠬᠢᠵᠢᠭ ᠲᠠᠢ ᠲᠡᠮᠡᠴᠡᠵᠦ ᠬᠠᠩᠭᠠᠯᠭ᠎ᠠ ᠶᠢ ᠪᠠᠲᠤᠯᠠᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠵᠢᠭᠡᠯᠡᠯᠭᠡ ᠶᠢ 868 ᠳ᠋ᠦᠩᠰᠢᠭᠤᠷ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2021/1/26
      ᠥᠪᠥᠷ ᠮᠣᠩᠭᠤᠯ ᠤᠨ ᠡᠳᠦᠷ ᠤᠨ ᠰᠣᠨᠢᠨ ᠤ 1 ᠰᠠᠷ᠎ᠠ ᠶᠢᠨ 23 ᠤ ᠡᠳᠦᠷ ᠤᠨ ᠮᠡᠳᠡᠭᠡ ︵ᠰᠤᠷᠪᠤᠯᠵᠢᠯᠠᠭᠴᠢ ᠱᠢ ᠰᠢᠶᠠᠩ ᠵᠢᠶᠦ᠋ᠨ︶ ᠰᠤᠷᠪᠤᠯᠵᠢᠯᠠᠭᠴᠢ 1 ᠰᠠᠷ᠎ᠠ ᠶᠢᠨ 22 ᠤᠨ ᠡᠳᠦᠷ ᠬᠤᠷᠠᠯᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠳᠥᠷᠪᠡᠳᠦᠭᠡᠷ ᠬᠤᠭᠤᠴᠠᠭᠠᠨ ᠤ ᠭᠡᠰᠢᠭᠦᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠵᠢᠴᠢ ᠪᠥᠬᠦ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ 2021 ᠣᠨ ᠤ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ 2020 ᠣᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠪᠥᠬᠦ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠢᠨ ᠬᠢᠵᠢᠭ ᠢ ᠰᠡᠷᠭᠡᠶᠢᠯᠡᠨ ᠬᠤᠷᠢᠬᠯᠠᠬᠤ ᠪᠠ ᠲᠤᠬᠠᠶᠢᠯᠠᠭᠰᠠᠨ ᠠᠵᠢᠯ ᠤᠨ ᠡᠵᠡᠩᠨᠡᠯᠲᠡ ᠬᠢᠭᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠠᠷᠢᠯᠭᠠᠵᠤ᠂ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ 2020 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠡᠳ᠋ ᠬᠥᠷᠥᠩᠭᠡ 6207 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ︔ ᠡᠯ᠎ᠡ ᠵᠦᠢᠯ ᠤᠨ ᠬᠠᠳᠠᠭᠠᠯᠠᠮᠵᠢ 5012 ᠳ᠋ᠦᠩᠰᠢᠭᠤᠷ ᠲᠥᠭᠦᠷᠢᠭ ᠲᠤ ᠬᠦᠷᠴᠦ᠂ 11.5% ᠪᠠᠷ ᠨᠡᠮᠡᠭᠳᠡᠪᠡ︔ ᠡᠯ᠎ᠡ ᠵᠦᠢᠯ ᠤᠨ ᠵᠢᠭᠡᠯᠡᠯᠭᠡ ᠶᠢ 3464 ᠳ᠋ᠦᠩᠰᠢᠭᠤᠷ ᠲᠥᠭᠦᠷᠢᠭ ᠳᠤᠬᠢᠷᠠᠭᠤᠯᠵᠤ᠂ 8.2% ᠢᠶᠠᠷ ᠨᠡᠮᠡᠭᠳᠡᠪᠡ︔ ᠬᠢᠵᠢᠭ ᠲᠠᠢ ᠲᠡᠮᠡᠴᠡᠵᠦ ᠬᠠᠩᠭᠠᠯᠭ᠎ᠠ ᠶᠢ ᠪᠠᠲᠤᠯᠠᠬᠤ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠵᠢᠭᠡᠯᠡᠯᠭᠡ ᠶᠢ 868 ᠳ᠋ᠦᠩᠰᠢᠭᠤᠷ ᠲᠥᠭᠦᠷᠢᠭ ᠲᠠᠯᠪᠢᠵᠤ᠂ ᠪᠥᠬᠦ ᠣᠷᠣᠨ ᠤ ᠡᠯ᠎ᠡ ᠭᠠᠵᠠᠷ ᠲᠤ 2480 ᠲᠦᠮᠡᠨ ᠲᠥᠭᠦᠷᠢᠭ ᠬᠠᠨᠳᠢᠪᠯᠠᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠢ ᠰᠡᠷᠭᠡᠶᠢᠯᠡᠨ ᠬᠤᠷᠢᠬᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃      ᠣᠶᠢᠷ᠎ᠠ ᠶᠢᠨ ᠵᠢᠯ ᠤᠨ ᠲᠤᠷᠰᠢ᠂ ᠪᠥᠬᠦ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠢᠨ ︽ᠮᠠᠯ ᠲᠠᠷᠢᠶᠠᠯᠠᠩ ᠢ ᠳᠡᠮᠵᠢᠵᠦ ᠵᠢᠵᠢᠭ ᠠᠵᠤ ᠠᠬᠤᠶᠢᠯᠠᠯ ᠢ ᠳᠡᠮᠵᠢᠬᠦ︾ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠷᠪᠠᠨ ᠶᠡᠭᠡ ᠡᠭᠦᠷᠭᠡ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠠᠳᠬᠤᠨ᠂ ᠬᠥᠭᠵᠢᠯᠲᠡ ᠶᠢ ᠠᠬᠢᠭᠤᠯᠵᠤ᠂ ᠲᠦᠭᠰᠢᠭᠦᠷᠢ ᠶᠢ ᠡᠵᠡᠮᠳᠡᠨ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠢᠯᠡᠳᠲᠡ ᠦᠷ᠎ᠡ ᠪᠦᠲᠦᠮᠵᠢ ᠤᠯᠪᠠ᠃ ᠢᠯᠠᠩᠭᠤᠶ᠎ᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠭᠤᠤᠯ ᠪᠣᠯᠬᠤ ᠡᠵᠡᠩᠨᠡᠯᠲᠡ ᠶᠢᠨ ᠭᠦᠢᠴᠡᠳᠬᠡᠯ ᠲᠤᠭ᠎ᠠ ᠨᠢ ᠲᠣᠭᠲᠠᠭᠤᠨ ᠤ ᠳᠤᠮᠳᠠ ᠤᠷᠤᠬᠰᠢ ᠠᠬᠢᠵᠤ᠂ ᠲᠣᠭᠲᠠᠭᠤᠨ ᠤ ᠳᠤᠮᠳᠠ ᠰᠠᠶᠢᠵᠢᠷᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠦᠴᠦᠨ ᠨᠡᠮᠡᠷᠢᠯᠡᠵᠦ᠂ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠳᠤ ᠦᠢᠯᠡᠴᠢᠯᠡᠬᠦ ᠪᠠ ᠣᠷᠣᠨ ᠨᠤᠲᠤᠭ ᠤᠨ ᠠᠵᠤ ᠠᠬᠤᠶ ᠶᠢ ᠳᠡᠮᠵᠢᠬᠦ ᠭᠤᠤᠯ ᠬᠦᠴᠦᠨ ᠪᠣᠯᠪᠠ᠃ ᠪᠦᠷᠢᠳᠬᠡᠯ ᠢ ᠦᠨᠳᠦᠰᠦᠯᠡᠪᠡᠯ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠵᠢᠭᠡᠯᠡᠯᠭᠡ ᠶᠢ ᠨᠡᠶᠢᠲᠡ 9081 ᠳ᠋ᠦᠩᠰᠢᠭᠤᠷ ᠲᠥᠭᠦᠷᠢᠭ ᠲᠠᠯᠪᠢᠵᠤ᠂ ᠦᠯᠡᠳᠡᠪᠦᠷᠢ ᠨᠢ 2188 ᠳ᠋ᠦᠩᠰᠢᠭᠤᠷ ᠲᠥᠭᠦᠷᠢᠭ ᠪᠠᠶᠢᠵᠤ᠂ 48.69% ᠪᠠᠷ ᠨᠡᠮᠡᠭᠳᠡᠵᠦ᠂ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠶᠢᠨ 63.2% ᠢ ᠡᠵᠡᠯᠡᠪᠡ︔ ᠪᠠᠭ᠎ᠠ ᠵᠢᠵᠢᠭ ᠠᠵᠤ ᠠᠬᠤᠶᠢᠯᠠᠯ ᠳᠤ ᠲᠠᠯᠪᠢᠭᠰᠠᠨ ᠵᠢᠭᠡᠯᠡᠯᠭᠡ ᠨᠡᠶᠢᠲᠡ 7450 ᠳ᠋ᠦᠡᠭᠰᠢᠭᠤᠷ ᠲᠥᠭᠦᠷᠢᠭ ᠲᠤ ᠬᠦᠷᠴᠦ᠂ ᠦᠯᠡᠳᠡᠪᠦᠷᠢ ᠨᠢ 1910 ᠳ᠋ᠦᠡᠭᠰᠢᠭᠤᠷ ᠲᠥᠭᠦᠷᠢᠭ ᠪᠠᠶᠢᠵᠤ᠂ 5.52% ᠢᠶᠠᠷ ᠨᠡᠮᠡᠭᠳᠡᠵᠦ᠂ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠶᠢᠨ 55.2% ᠢ ᠡᠵᠡᠯᠡᠪᠡ᠃ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢ ᠨᠡᠶᠢᠲᠡ 358 ᠳ᠋ᠦᠩᠰᠢᠭᠤᠷ ᠲᠥᠭᠦᠷᠢᠭ ᠲᠠᠯᠪᠢᠵᠤ᠂ 44 ᠲᠦᠮᠡᠨ ᠶᠠᠳᠠᠭᠤ ᠬᠦᠴᠢᠷᠳᠡᠯᠲᠡᠶ ᠡᠷᠦᠬᠡ᠂ 98 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠪᠥᠬᠦ ᠣᠷᠣᠨ ᠤ ᠲᠠᠩᠰᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ 78% ᠶᠢ ᠡᠵᠡᠯᠡᠪᠡ︔ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠨᠡᠶᠢᠲᠡ 35.55 ᠳ᠋ᠦᠩᠰᠢᠭᠤᠷ ᠲᠥᠭᠦᠷᠢᠭ ᠲᠠᠯᠪᠢᠵᠤ᠂ ᠦᠯᠡᠳᠡᠪᠦᠷᠢ ᠨᠢ 21.54 ᠳ᠋ᠦᠩᠰᠢᠭᠤᠷ ᠲᠥᠭᠦᠷᠢᠭ ᠪᠠᠶᠢᠵᠤ᠂ ᠪᠦᠬᠦ ᠣᠷᠣᠨ ᠤ ᠪᠠᠩᠬᠢ ᠶᠢᠨ ᠦᠢᠯᠡᠰ ᠤᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠦᠯᠡᠳᠡᠪᠦᠷᠢ ᠶᠢᠨ 62% ᠢ ᠡᠵᠡᠯᠡᠪᠡ᠃http://mongol.people.com.cn/15836071.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ